ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠣᠣᠰᠣ ᠨᠣᠯᠤᠤᠷ ᠤᠨ ᠪᠦᠲᠦᠭᠡᠭᠳᠡᠬᠦᠨ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/23
     ᠮᠠᠨ ᠤ ᠲᠤᠭᠤᠷᠢᠭ ᠤᠨ ᠨᠣᠣᠰᠣ ᠨᠣᠯᠤᠤᠷ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠬᠤ ᠶᠢᠨ ᠲᠥᠯᠥᠭᠡ᠂ ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠣᠣᠰᠣ ᠨᠣᠯᠤᠤᠷ ᠤᠨ ᠪᠦᠲᠦᠭᠡᠭᠳᠡᠬᠦᠨ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃
     ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠬᠠᠷᠢᠶᠠᠲᠤ ᠣᠷᠣᠨ ᠤ ᠪᠠᠨ ᠨᠣᠤᠰᠣ ᠨᠣᠯᠤᠤᠷ ᠤᠨ ᠪᠦᠲᠦᠭᠡᠭᠳᠡᠬᠦᠨ ᠤ ᠡᠵᠡᠩᠨᠡᠯᠲᠡ ᠶᠢᠨ ᠭᠤᠤᠯ ᠴᠣᠭᠴᠠ ᠳᠤ ᠭᠦᠨᠵᠡᠭᠡᠶᠢᠷᠡᠵᠦ᠂ ᠨᠣᠣᠰᠣ ᠨᠣᠯᠤᠤᠷ ᠤᠨ ᠪᠦᠲᠦᠭᠡᠭᠳᠡᠬᠦᠨ ᠤ ᠰᠢᠷᠬᠡᠭ ᠤᠨ ᠠᠭᠤᠯᠤᠭᠳᠠᠴᠠ ᠶᠢᠨ ᠲᠡᠮᠳᠡᠭ ᠨᠢ ᠲᠣᠳᠣᠷᠬᠠᠶ ᠪᠥᠭᠡᠳ ᠵᠢᠷᠤᠮᠵᠢᠯ ᠲᠠᠢ ᠪᠠᠶᠢᠬᠤ ᠡᠰᠡᠬᠦ᠂ ᠰᠢᠷᠬᠡᠭ ᠤᠨ ᠠᠭᠤᠯᠤᠭᠳᠠᠴᠠ ᠨᠢ ᠲᠣᠳᠣᠷᠬᠠᠶ ᠡᠰᠡᠬᠦ︔ ᠨᠣᠣᠰᠣ ᠨᠣᠯᠤᠤᠷ ᠤᠨ ᠪᠦᠲᠦᠭᠡᠭᠳᠡᠬᠦᠨ ᠤ ᠪᠠᠷᠠᠭ᠎ᠠ ᠣᠷᠣᠭᠤᠯᠬᠤ ᠢᠷᠡᠯᠲᠡ ᠨᠢ ᠲᠣᠳᠣᠷᠬᠠᠶ ᠡᠰᠡᠬᠦ᠂ ᠪᠠᠷᠠᠭ᠎ᠠ ᠣᠷᠣᠭᠤᠯᠬᠤ ᠦᠢᠯᠡᠳᠪᠦᠷᠢ ᠶᠢᠨ ᠬᠢᠷᠢ ᠬᠡᠮ ᠨᠢ ᠪᠦᠷᠢᠨ ᠭᠦᠢᠴᠡᠳ ᠪᠠᠶᠢᠬᠤ ᠡᠰᠡᠬᠦ︔ ᠱᠣᠰᠢᠭ᠎ᠠ ᠲᠡᠮᠳᠡᠭ ᠤᠨ ᠦᠢᠯᠡᠳᠪᠦᠷᠢ ᠶᠢᠨ ᠨᠡᠷ᠎ᠡ ᠦᠢᠯᠡᠳᠪᠦᠷᠢ ᠶᠢᠨ ᠬᠠᠶ᠋ᠢᠭ ᠵᠡᠷᠭᠡ ᠮᠡᠳᠡᠭᠡ ᠵᠠᠩᠭᠢ ᠨᠢ ᠪᠦᠷᠢᠨ ᠭᠦᠢᠴᠡᠳ ᠪᠠᠶᠢᠬᠤ ᠡᠰᠡᠬᠦ᠂ ᠪᠠᠷᠢᠮᠵᠢᠶ᠎ᠠ ᠶᠢ ᠬᠡᠷᠡᠭᠵᠢᠭᠦᠯᠦᠭᠰᠡᠨ ᠨᠢ ᠲᠣᠭᠲᠠᠭᠠᠯ ᠳᠤ ᠨᠡᠶᠢᠴᠡᠬᠦ ᠡᠰᠡᠬᠦ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠪᠠ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠡᠵᠡᠩᠨᠡᠯᠲᠡ ᠶᠢᠨ ᠭᠤᠤᠯ ᠴᠣᠭᠴᠠ ᠶᠢ ᠰᠢᠮᠳᠠᠭᠤᠯᠵᠤ ᠪᠠᠶᠢᠭᠠᠳ ᠥᠪᠡᠰᠦᠪᠡᠨ ᠪᠠᠶᠢᠴᠠᠭᠠᠵᠤ ᠥᠪᠡᠰᠦᠪᠡᠨ ᠥᠭᠡᠷᠡᠴᠢᠯᠡᠬᠦ ᠶᠢ ᠴᠠᠭ ᠲᠤᠬᠠᠶ ᠳᠤᠨᠢ ᠥᠷᠨᠢᠭᠦᠯᠵᠦ᠂ ᠨᠣᠣᠰᠣ ᠨᠣᠯᠤᠤᠷ ᠤᠨ ᠪᠦᠲᠦᠭᠡᠭᠳᠡᠬᠦᠨ ᠤ ᠡᠵᠡᠩᠨᠡᠭᠴᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃
     ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠣᠣᠰᠣ ᠨᠣᠯᠤᠤᠷ ᠤᠨ ᠪᠦᠲᠦᠭᠡᠭᠳᠡᠬᠦᠨ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠤᠯᠠᠮ ᠨᠢᠭᠡ ᠠᠯᠬᠤᠮ ᠯᠠᠪᠳᠠᠭᠤᠨ ᠪᠠᠲᠤᠲᠠᠶ ᠥᠷᠨᠢᠭᠦᠯᠵᠦ᠂ ᠨᠣᠣᠰᠣ ᠨᠣᠯᠤᠤᠷ ᠤᠨ ᠪᠦᠲᠦᠭᠡᠭᠳᠡᠬᠦᠨ ᠤ ᠦᠢᠯᠡᠳᠬᠦᠨ ᠤ ᠶᠠᠰᠤ ᠴᠢᠨᠠᠷ ᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠬᠠᠷᠢᠶᠠᠲᠤ ᠣᠷᠣᠨ ᠤ ᠳᠣᠲᠣᠷᠠᠬᠢ ᠨᠣᠣᠰᠣ ᠨᠣᠯᠤᠤᠷ ᠤᠨ ᠪᠦᠲᠦᠭᠡᠭᠳᠡᠬᠦᠨ ᠤ ᠡᠵᠡᠩᠨᠡᠯᠲᠡ ᠶᠢᠨ ᠭᠤᠤᠯ ᠴᠣᠭᠴᠠ ᠳᠤ ᠦᠢᠯᠡᠳᠪᠦᠷᠢᠯᠡᠵᠦ ᠪᠣᠷᠣᠯᠠᠭᠤᠯᠬᠤ ᠪᠥᠬᠦ ᠶᠠᠪᠤᠴᠠ ᠶᠢᠨ ᠭᠦᠨᠵᠡᠭᠡᠶ ᠪᠠᠶᠢᠴᠠᠭᠠᠯᠲᠠ ᠶᠢ ᠥᠷᠨᠢᠭᠦᠯᠵᠦ᠂ ᠡᠵᠡᠩᠨᠡᠭᠴᠢ ᠶᠢᠨ ᠬᠠᠤᠯᠢ ᠶᠣᠰᠣᠨ ᠤ ᠡᠵᠡᠩᠨᠡᠯᠲᠡ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠣᠷᠴᠢᠨ ᠨᠦᠬᠦᠴᠡᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠬᠠᠮᠠᠭᠠᠯᠠᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号