ᠬᠠᠷᠢᠶ᠎ᠠ ᠣᠷᠣᠨ ᠤ ᠡᠯ᠎ᠡ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ᠄ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ | ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ | ᠲᠦᠯᠦᠭᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠣᠳᠣᠬᠠᠨ ᠤ ᠠᠶᠤᠯᠭᠦᠢ | ᠦᠢᠯᠡᠳᠪᠦᠷᠢᠯᠡᠯ ᠤᠨ ᠠᠵᠢᠯ ᠲᠠᠢ ᠨᠢᠭᠲᠠ ᠤᠶᠠᠯᠳᠤᠭᠤᠯᠵᠤ᠂ ᠬᠤᠳᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠵᠢᠴᠢ ᠢᠦᠢ ᠴᠢᠤᠸᠠᠨ ᠠᠶᠤᠯᠭᠦᠢ | ᠦᠢᠯᠡᠳᠪᠦᠷᠢᠯᠡᠯ ᠵᠥᠪᠯᠡᠯ ᠠᠯᠪᠠᠨ ᠲᠠᠷᠬᠠᠭᠠᠭᠰᠠᠨ ﹇2024﹈ 22 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠪᠠ ᠱᠠᠭᠠᠷᠳᠠᠯᠭ᠎ᠠ ᠶᠢ ᠦᠨᠳᠦᠰᠦᠯᠡᠨ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ | ᠦᠢᠯᠡᠳᠪᠦᠷᠢᠯᠡᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠪᠠᠶᠢᠭᠠᠯᠢ ᠶᠢᠨ ᠭᠠᠮᠰᠢᠭ ᠤᠨ ᠠᠶᠤᠯ | ᠲᠦᠭᠰᠢᠭᠦᠷᠢ ᠶᠢᠨ ᠭᠡᠮ ᠰᠣᠭᠤᠭ ᠢ ᠠᠷᠢᠯᠭᠠᠵᠤ᠂ ᠠᠵᠤ ᠦᠢᠯᠡᠳᠪᠦᠷᠢ ᠶᠢᠨ ᠬᠦᠷᠢᠶᠡᠨ ᠤ ᠠᠳᠡᠯ ᠤᠨ ᠠᠶᠤᠯ | ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠵᠦ᠂ ᠬᠦᠨᠳᠦ ᠶᠡᠭᠡ ᠣᠨᠴᠠ ᠶᠡᠭᠡ ᠠᠳᠡᠯ ᠪᠠ ᠡᠩ ᠤᠨ ᠦᠬᠦᠯ | ᠰᠢᠷᠬᠠᠲᠤᠯ ᠤᠨ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠶᠢᠨ ᠲᠥᠯᠥᠭᠡ᠂ ᠲᠤᠭᠤᠷᠢᠭ ᠤᠨ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ | ᠦᠨᠳᠦᠰᠦᠯᠡᠨ᠂ ᠡᠳᠦᠭᠡ 2025 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ | ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠢ ᠳᠣᠣᠷᠠᠬᠢ ᠮᠡᠲᠦ ᠮᠡᠳᠡᠭᠳᠡᠶ᠎ᠡ᠄ | 1. ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ | ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠳᠣᠬᠠᠨ ᠤ ᠠᠶᠤᠯᠭᠦᠶ | ᠦᠢᠯᠡᠳᠪᠦᠷᠢᠯᠡᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠰᠡᠷᠭᠡᠭ ᠢᠶᠠᠷ ᠲᠠᠨᠢᠵᠤ᠂ ᠲᠦᠭᠰᠢᠭᠦᠷᠢ ᠶᠢᠨ | ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠤᠨ ᠠᠮᠤᠷ ᠲᠦᠪᠰᠢᠨ ᠤ | ᠠᠵᠢᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠶᠤᠯᠭᠦᠶ ᠦᠢᠯᠡᠳᠪᠦᠷᠢᠯᠡᠯ ᠤᠨ ᠬᠠᠮᠢᠶ᠎ᠠ ᠪᠥᠬᠦᠶ ᠠᠵᠢᠯ ᠢ | ᠰᠠᠨᠠᠭᠠᠴᠢᠯᠠᠭ᠎ᠠ ᠠᠴᠠ ᠪᠠᠨ ᠵᠢᠯᠣᠭᠤᠳᠬᠤ ᠶᠢᠨ ᠬᠠᠮᠲᠤ ᠰᠠᠶᠢᠲᠤᠷ ᠠᠳᠬᠤᠵᠤ᠂ ᠭᠤᠤᠯᠳᠠᠯᠭ᠎ᠠ ᠲᠠᠢ ᠣᠷᠣᠨ ᠪᠠᠶᠢᠷᠢ᠂ | ᠴᠢᠬᠤᠯᠠ ᠭᠤᠭᠴᠤᠭ᠎ᠠ ᠶᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ ᠥᠨᠴᠥᠭ ᠪᠤᠯᠤᠩ ᠦᠯᠡᠳᠡᠭᠡᠬᠦ ᠥᠬᠡᠶ | ᠪᠠᠶᠢᠵᠤ᠂ ᠠᠰᠠᠭᠤᠳᠠᠯ ᠢ ᠣᠯᠵᠤ ᠮᠡᠳᠡᠪᠡᠯ ᠳᠠᠷᠤᠶ ᠲᠦᠷᠭᠡᠨ ᠴᠡᠭᠴᠡᠯᠡᠨ ᠰᠠᠶᠢᠵᠢᠷᠠᠭᠤᠯᠵᠤ᠂ ᠠᠶᠤᠯᠭᠦᠶ | ᠦᠢᠯᠡᠳᠪᠦᠷᠢᠯᠡᠯ ᠤᠨ ᠠᠷᠪᠠᠨ ᠲᠠᠪᠤᠨ ᠵᠤᠷᠪᠤᠰ ᠬᠠᠲᠠᠭᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ | 2025 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠦᠨᠡᠨ ᠬᠦ | ᠰᠠᠶᠢᠲᠤᠷ ᠠᠳᠬᠤᠵᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠶ᠃ | 2. ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ᠂ ᠪᠦᠲᠦᠮᠵᠢᠲᠡᠶ ᠠᠷᠭᠠᠴᠠᠭᠠᠬᠤ ᠬᠡᠷᠡᠭᠲᠡᠶ᠃ ᠡᠭᠦᠰᠬᠦ | ᠪᠣᠯᠤᠮᠵᠢ ᠲᠠᠢ ᠴᠠᠰᠤ ᠤᠷᠤᠬᠤ᠂ ᠮᠦᠰᠦ ᠬᠦᠯᠳᠡᠬᠦ ᠵᠡᠷᠭᠡ ᠮᠠᠭᠤ ᠴᠠᠭ ᠠᠭᠤᠷ ᠲᠤ ᠴᠢᠭᠯᠡᠭᠦᠯᠦᠨ᠂ ᠡᠯ᠎ᠡ ᠠᠵᠤ | ᠠᠬᠤᠶᠢᠯᠠᠯ ᠤᠷᠢᠳᠴᠢᠯᠠᠨ ᠪᠠᠶᠢᠷᠢᠯᠠᠭᠤᠯᠵᠤ᠂ ᠡᠯ᠎ᠡ ᠵᠦᠢᠯ ᠤᠨ ᠠᠶᠤᠯᠭᠦᠶ ᠦᠢᠯᠡᠳᠪᠦᠷᠢᠯᠡᠯ ᠤᠨ ᠳᠦᠷᠢᠮ | ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠬᠦ | ᠬᠡᠷᠡᠭᠲᠡᠶ᠃ | 3. ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠳᠠᠯᠳᠠ ᠭᠡᠮ ᠢ ᠠᠷᠢᠯᠭᠠᠬᠤ ᠬᠡᠷᠡᠭᠲᠡᠶ᠃ ᠡᠯ᠎ᠡ ᠠᠵᠤ | ᠠᠬᠤᠶᠢᠯᠠᠯ ᠵᠢᠯ ᠤᠨ ᠡᠴᠦᠰ ᠵᠢᠯ ᠤᠨ ᠡᠬᠢᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠣᠨᠴᠠᠯᠢᠭ ᠲᠠᠢ | ᠤᠶᠠᠯᠳᠤᠭᠤᠯᠤᠨ᠂ ᠬᠠᠷᠢᠭᠤᠴᠠᠯᠭ᠎ᠠ ᠶᠢᠨ ᠭᠤᠤᠯ ᠴᠣᠭᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠭᠰᠠᠭᠠᠨ | ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠠᠵᠢᠯᠲᠠᠨ ᠤ ᠠᠮᠤᠷ ᠲᠦᠪᠰᠢᠨ ᠤ ᠦᠵᠡᠯ ᠤᠬᠠᠮᠰᠠᠷ ᠪᠠ | ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠠᠮᠤᠷ ᠲᠦᠪᠰᠢᠨ ᠤ ᠳᠠᠯᠳᠠ ᠬᠡᠮ ᠡᠭᠦᠰᠬᠦ ᠶᠢ | ᠪᠦᠲᠦᠮᠵᠢᠲᠡᠶ ᠬᠤᠷᠢᠭᠯᠠᠬᠤ ᠬᠡᠷᠡᠭᠲᠡᠶ᠃ | 4. ᠵᠢᠵᠢᠭᠦᠷ ᠢ ᠴᠢᠩᠭᠠᠳᠬᠠᠵᠤ᠂ ᠮᠡᠳᠡᠭᠡ ᠵᠠᠩᠭᠢ ᠶᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠃ ᠡᠯ᠎ᠡ | ᠠᠵᠤ ᠠᠬᠤᠶᠢᠯᠠᠯ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠢᠵᠢᠭᠦᠷᠯᠡᠬᠦ ᠠᠵᠢᠯ ᠢᠶᠠᠨ ᠴᠢᠩᠭᠠᠳᠬᠠᠵᠤ᠂ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ | ᠬᠡᠷᠡᠭᠵᠢᠭᠦᠯᠵᠦ᠂ ᠵᠢᠵᠢᠭᠦᠷᠯᠡᠭᠴᠢ ᠪᠦᠬᠦᠨ ᠡᠷᠬᠡᠪᠰᠢ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠳᠤᠷ᠎ᠠ ᠪᠠᠷ ᠢᠶᠠᠨ ᠠᠵᠢᠯ ᠤᠨ ᠪᠠᠶᠢᠷᠢ ᠠᠴᠠ ᠪᠠᠨ ᠰᠠᠯᠬᠤ ᠶᠢ ᠴᠢᠩᠭ᠎ᠠ | ᠴᠠᠭᠠᠵᠠᠯᠠᠬᠤ ᠬᠡᠷᠡᠭᠲᠡᠢ᠃ ᠠᠳᠡᠯ ᠭᠠᠷᠤᠭᠰᠠᠨ ᠪᠤᠶᠤ ᠪᠠᠴᠢᠮ ᠪᠠᠶᠢᠳᠠᠯ ᠭᠠᠷᠪᠠᠯ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠴᠠᠭ ᠲᠤᠬᠠᠶ ᠳᠤᠨᠢ ᠦᠨᠡᠨ ᠪᠣᠳᠠᠲᠠᠶ ᠪᠠᠷ ᠳᠡᠭᠡᠭᠰᠢ ᠮᠡᠳᠡᠭᠦᠯᠬᠦ ᠬᠡᠷᠡᠭᠲᠡᠶ᠃ |