ᠱᠢ ᠳ᠋ᠦᠩ ᠵᠠᠮ ᠤᠨ ᠵᠡᠭᠡᠯᠢ ᠭᠤᠲᠣᠮᠵᠢ ᠶᠢᠨ ᠰᠠᠨ ᠯᠢ ᠶᠢᠩ ᠵᠡᠭᠦᠨ ᠨᠠᠶᠢᠭᠡᠮ ᠲᠣᠭᠤᠷᠢᠭ ᠡᠪᠣᠯ ᠤᠨ ᠠᠮᠠᠷᠠᠯᠳᠠ ᠶᠢᠨ ᠬᠡᠣᠬᠡᠳ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠤᠨᠢᠷᠬᠠᠯᠲᠤ ᠦᠢᠯᠡᠳᠣᠯᠭᠡ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2025/1/26
     ᠲᠦᠷᠦᠭᠦᠬᠡᠨ᠂ ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠰᠠᠨ ᠯᠢ ᠶᠢᠩ ᠵᠡᠭᠦᠨ ᠨᠡᠶᠢᠭᠡᠮ ᠲᠣᠭᠤᠷᠢᠭ ᠬᠤᠸᠠ ᠷᠦᠢ ᠶᠦᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠲᠠᠢ ᠭᠠᠷ ᠬᠤᠯᠪᠣᠨ ᠬᠠᠮᠲᠤᠷᠠᠯᠴᠠᠵᠤ᠂ ᠰᠢᠯᠢ ᠶᠢᠨ ᠡᠮᠦᠨ᠎ᠡ ᠵᠠᠮ ᠤᠨ ᠪᠠᠭ᠎ᠠ ᠰᠤᠷᠭᠠᠭᠤᠯᠢ ᠶᠢᠨ ᠬᠡᠦᠬᠡᠳ ᠤᠳ ᠲᠤ ᠥᠪᠡᠷᠮᠢᠴᠡ ᠠᠮᠠᠷᠠᠯᠲᠠ ᠶᠢᠨ ᠠᠵᠢᠯᠯᠠᠭ᠎ᠠ ᠠᠪᠴᠢᠷᠠᠵᠤ ᠥᠭᠴᠡᠶ᠃ ᠲᠣᠰ ᠤᠳᠠᠭᠠᠨ ᠤ ᠠᠵᠢᠯᠯᠠᠭ᠎ᠠ ᠨᠢ ᠬᠡᠤᠬᠡᠳ ᠤᠨ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠵᠤᠭ᠎ᠠ ᠴᠡᠩᠬᠡᠯ ᠲᠠᠢ ᠬᠦᠮᠦᠵᠢᠯ ᠬᠦᠷᠲᠡᠭᠡᠬᠦ ᠳᠤᠮᠳᠠ ᠬᠡᠷ ᠪᠦᠯᠢ ᠰᠤᠷᠭᠠᠭᠤᠯᠢ ᠨᠡᠶᠢᠭᠡᠮ ᠤᠨ ᠬᠠᠮᠲᠤ ᠪᠠᠷ ᠪᠤᠶᠢᠵᠢᠭᠤᠯᠬᠤ ᠠᠯᠤᠰ ᠬᠡᠲᠦ ᠶᠢᠨ ᠠᠴᠢ ᠬᠤᠯᠪᠣᠭᠳᠠᠯ ᠢ ᠢᠯᠡᠷᠡᠭᠦᠯᠵᠡᠶ᠃
     ᠲᠤᠰ ᠡᠳᠦᠷ᠂ ᠨᠡᠶᠢᠭᠡᠮ ᠲᠣᠭᠤᠷᠢᠭ ᠤᠨ ᠳᠣᠲᠣᠷ᠎ᠠ ᠶᠡᠷᠦ ᠪᠤᠰᠤ ᠶᠢᠨ ᠬᠦᠷ ᠬᠥᠭᠵᠢᠶᠡᠨ ᠢᠶᠠᠷ ᠪᠢᠯᠬᠠᠵᠤ ᠪᠠᠶᠢᠪᠠ᠃ ᠬᠡᠦᠬᠡᠳ ᠤᠳ ᠰᠣᠯᠢᠯᠴᠠᠭᠠᠨ ᠤ ᠡᠯᠡᠰᠦᠨ ᠴᠠᠷ᠎ᠠ ᠶᠢᠨ ᠲᠣᠭᠯᠠᠭᠠᠮ ᠤᠨ ᠳᠤᠮᠳᠠ ᠬᠦᠰᠡᠯ ᠮᠥᠷᠥᠭᠡᠳᠦᠯ ᠤᠨ ᠶᠢᠷᠲᠢᠨᠴᠦ ᠶᠢ ᠴᠢᠯᠥᠭᠡᠲᠡᠶ ᠪᠠᠶᠢᠭᠤᠯᠵᠤ᠂ ᠡᠯᠡᠰᠦ ᠪᠣᠯᠣᠨ ᠡᠯ᠎ᠡ ᠵᠦᠢᠯ ᠤᠨ ᠵᠠᠭᠪᠤᠷ ᠢᠶᠠᠷ ᠳᠠᠮᠵᠢᠭᠤᠯᠤᠨ ᠥᠪᠡᠷ ᠤᠨ ᠲᠦᠷᠰᠦᠯᠡᠨ ᠪᠣᠳᠣᠯᠲᠠ ᠪᠠᠨ ᠢᠯᠡᠳᠬᠡᠵᠦ᠂ ᠭᠠᠷ ᠬᠥᠳᠡᠯᠬᠦ ᠴᠢᠳᠠᠪᠤᠷᠢ ᠪᠠ ᠣᠷᠣᠨ ᠵᠠᠶ ᠶᠢᠨ ᠲᠦᠷᠰᠦᠯᠡᠨ ᠪᠣᠳᠣᠬᠤ ᠴᠢᠳᠠᠪᠤᠷᠢ ᠪᠠᠨ ᠪᠣᠯᠪᠠᠰᠤᠷᠠᠭᠤᠯᠵᠤ᠂ ᠨᠠᠩ ᠴᠤ ᠥᠪᠡᠷ ᠤᠨ ᠪᠦᠯᠬᠦᠮ ᠨᠡᠶᠢᠲᠡ ᠶᠢᠨ ᠬᠠᠮᠵᠢᠯᠴᠠᠬᠤ ᠵᠣᠷᠢᠭ ᠰᠠᠨᠠᠭ᠎ᠠ ᠪᠠ ᠨᠡᠪᠲᠡᠷᠡᠯᠴᠡᠬᠦ ᠴᠢᠳᠠᠪᠤᠷᠢ ᠪᠠᠨ ᠬᠥᠮᠦᠵᠢᠭᠦᠯᠵᠡᠶ᠃
     ᠵᠠᠯᠭᠠᠭᠠᠳ ᠬᠡᠦᠬᠡᠳ ᠤᠳ ᠰᠢᠪᠠᠵᠢ᠂ ᠠᠮᠢᠲᠠᠨ᠂ ᠤᠷᠭᠤᠮᠠᠯ ᠤᠨ ᠵᠠᠭᠪᠤᠷ ᠤᠨ ᠦᠵᠡᠭᠦᠯᠦᠯᠭᠡ ᠶᠢᠨ ᠲᠣᠭᠤᠷᠢᠭ ᠲᠤ ᠡᠯ᠎ᠡ ᠵᠦᠢᠯ ᠤᠨ ᠠᠮᠢᠳᠤ ᠪᠣᠳᠠᠰ ᠤᠨ ᠭᠠᠳᠠᠷ ᠪᠠᠶᠢᠳᠠᠯ ᠤᠨ ᠣᠨᠴᠠᠯᠢᠭ ᠢ ᠠᠵᠢᠭᠯᠠᠵᠤ᠂ ᠰᠢᠭᠤᠳ ᠦᠵᠡᠭᠦᠯᠬᠦ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠨᠢ ᠬᠡᠦᠬᠡᠳ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠳᠠᠬᠢ ᠳᠤᠷ᠎ᠠ ᠰᠣᠨᠢᠷᠬᠠᠯ ᠢ ᠲᠦᠢᠯ ᠤᠨ ᠶᠡᠭᠡ ᠪᠠᠷ ᠬᠥᠭᠵᠢᠭᠡᠵᠦ᠂ ᠪᠠᠰᠠ ᠲᠡᠳᠡᠨ ᠢ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠬᠤ ᠪᠠᠶᠢᠭᠠᠯᠢ ᠶᠢᠨ ᠣᠷᠴᠢᠨ ᠲᠣᠭᠤᠷᠢᠨ ᠢ ᠨᠠᠩ ᠨᠠᠨᠳᠢᠩᠨᠠᠨ ᠬᠠᠮᠠᠭᠠᠯᠠᠪᠠ᠃ ᠡᠭᠦᠨ ᠠᠴᠠ ᠭᠠᠳᠠᠨ᠎ᠠ᠂ ᠹᠢᠽᠢᠺ ᠤᠨ ᠲᠤᠷᠰᠢᠯᠲᠠ ᠨᠢ ᠨᠡᠩ ᠴᠤ ᠬᠡᠦᠬᠡᠳ ᠤᠳ ᠢ ᠪᠠᠶᠠᠷᠯᠠᠭᠤᠯᠤᠨ᠎ᠠ᠃ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠵᠢᠯᠣᠭᠤᠳᠤᠯᠭ᠎ᠠ ᠳᠣᠣᠷ᠎ᠠ᠂ ᠲᠡᠳᠡ ᠡᠯ᠎ᠡ ᠵᠦᠢᠯ ᠤᠨ ᠰᠣᠨᠢᠷᠬᠠᠯᠲᠠᠢ ᠹᠢᠽᠢᠺ ᠤᠨ ᠲᠤᠷᠰᠢᠯᠲᠠ ᠶᠢ ᠪᠡᠶ᠎ᠡ ᠪᠠᠷ ᠢᠶᠠᠨ ᠬᠢᠵᠦ᠂ ᠵᠢᠱᠢᠶᠡᠯᠡᠪᠡᠯ ᠭᠡᠷᠡᠯ ᠤᠨ ᠬᠤᠭᠤᠷᠠᠯᠲᠠ᠂ ᠴᠠᠬᠢᠯᠭᠠᠨ ᠰᠣᠷᠢᠨᠵᠢᠨ ᠲᠥᠷᠥᠭᠳᠡᠯ ᠵᠡᠷᠭᠡ ᠬᠡᠦᠬᠡᠳ ᠤᠳ ᠲᠤ ᠰᠢᠨᠵᠢᠯᠡᠬᠦ ᠤᠬᠠᠭᠠᠨ ᠤ ᠷᠢᠳᠢ ᠰᠢᠳᠢ ᠶᠢ ᠮᠡᠳᠡᠷᠡᠭᠦᠯᠪᠡ᠃      ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠪᠢᠳᠡ ᠬᠡᠷ ᠪᠦᠯᠢ ᠰᠤᠷᠭᠠᠭᠤᠯᠢ ᠨᠡᠶᠢᠭᠡᠮ ᠤᠨ ᠬᠠᠮᠲᠤ ᠪᠠᠷ ᠪᠤᠶᠢᠵᠢᠭᠤᠯᠬᠤ ᠶᠢᠨ ᠴᠢᠬᠤᠯᠠ ᠴᠢᠨᠠᠷ ᠢ ᠭᠦᠨᠵᠡᠭᠡᠶ ᠣᠶᠢᠯᠠᠭᠠᠵᠤ᠂  ᠭᠤᠷᠪᠠᠨ ᠲᠠᠯ᠎ᠠ ᠪᠠᠷ ᠢᠶᠠᠨ ᠭᠠᠷ ᠬᠤᠯᠪᠣᠨ ᠬᠠᠮᠲᠤᠷᠠᠯᠴᠠᠵᠤ᠂ ᠬᠡᠦᠬᠡᠳ ᠤᠳ ᠲᠤ ᠨᠠᠩ ᠡᠶ᠎ᠡ ᠵᠣᠬᠢᠴᠠᠩᠭᠤᠶ᠂ ᠡᠷᠡᠭᠦᠯ ᠴᠢᠭᠢᠷᠠᠭ᠂ ᠪᠠᠶᠠᠷ ᠬᠥᠷ ᠲᠠᠢ ᠦᠰᠦᠨ ᠪᠤᠶᠢᠵᠢᠬᠤ ᠣᠷᠴᠢᠨ ᠨᠥᠬᠦᠴᠡᠯ ᠢ ᠡᠭᠦᠳᠴᠦ ᠥᠭᠭᠦᠨ᠎ᠡ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号