ᠢᠦᠶ ᠴᠢᠤᠸᠠᠨ ᠶᠡᠭᠡ ᠠᠩᠭᠢ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠪᠠᠶᠠᠷ ᠤᠨ ᠡᠳᠦᠷ ᠠᠴᠠ ᠡᠮᠦᠨᠡᠬᠢ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/1/26
     ᠡᠪᠦᠯ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠵᠢᠯ ᠤᠨ ᠡᠴᠦᠰ ᠵᠢᠯ ᠤᠨ ᠡᠬᠢᠨ ᠤ ᠭᠠᠯ ᠤᠨᠲᠠᠷᠠᠭᠠᠬᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠠᠳᠬᠤᠵᠤ᠂ ᠭᠠᠯ ᠤᠨ ᠭᠠᠮᠰᠢᠭ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠢᠦᠢ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠵᠡᠭᠡᠯᠢ ᠭᠤᠳᠤᠮᠵᠢ᠂ ᠵᠠᠬ᠎ᠠ ᠳᠡᠯᠭᠡᠭᠦᠷ᠂ ᠰᠣᠶᠣᠯ ᠵᠢᠭᠤᠯᠴᠢᠯᠠᠯ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠠᠷᠢᠶ᠎ᠠ ᠣᠷᠣᠨ ᠤ ᠬᠥᠮᠦᠨ ᠬᠠᠷ᠎ᠠ ᠬᠤᠷᠠᠨ ᠴᠤᠭᠯᠠᠷᠠᠳᠠᠭ ᠲᠠᠯᠠᠪᠤᠷ᠂ ᠵᠤᠭ᠎ᠠ ᠴᠡᠩᠭᠡᠯ ᠤᠨ ᠲᠠᠯᠠᠪᠤᠷ ᠵᠡᠷᠭᠡ ᠳᠤ ᠪᠠᠶᠠᠷ ᠤᠨ ᠡᠳᠦᠷ ᠠᠴᠠ ᠡᠮᠦᠨᠡᠬᠢ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃
     ᠪᠠᠶᠢᠴᠠᠭᠠᠬᠤ ᠳᠤᠭᠤᠶᠢᠯᠠᠩ ᠬᠠᠷᠢᠶᠠᠲᠤ ᠣᠷᠣᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠨᠠᠰᠤᠲᠠᠨ ᠢ ᠠᠰᠠᠷᠠᠬᠤ ᠬᠦᠷᠢᠶᠡᠯᠡᠩ᠂ ᠢᠳᠡᠭᠡᠨ ᠤᠮᠳᠠᠭᠠᠨ᠂ ᠰᠦᠯᠵᠢᠶᠡᠨ ᠤ ᠪᠠᠭᠠᠷ ᠵᠡᠷᠭᠡ ᠲᠠᠯᠠᠪᠤᠷ ᠭᠠᠵᠠᠷ ᠲᠤ ᠭᠤᠤᠯᠳᠠᠯᠭ᠎ᠠ ᠲᠠᠢ ᠴᠢᠭᠯᠡᠭᠦᠯᠦᠨ ᠰᠢᠮᠳᠠᠭᠤᠯᠤᠨ ᠪᠠᠶᠢᠴᠠᠭᠠᠯᠲᠠ ᠬᠢᠵᠦ᠂ ᠲᠠᠷᠬᠠᠭᠠᠬᠤ ᠵᠠᠮ ᠰᠠᠭᠠᠳ ᠲᠠᠢ᠂ ᠠᠮᠤᠷ ᠲᠦᠪᠰᠢᠨ ᠭᠠᠷᠬᠤ ᠡᠭᠦᠳᠡ ᠶᠢ ᠣᠨᠢᠰᠤᠯᠠᠭᠰᠠᠨ᠂ ᠭᠠᠯ ᠤᠨᠲᠠᠷᠠᠭᠠᠬᠤ ᠪᠡᠯᠡᠳᠬᠡᠮᠵᠢ ᠡᠪᠳᠡᠷᠡᠭᠰᠡᠨ᠂ ᠲᠣᠭᠲᠠᠭᠠᠯ ᠠᠴᠠ ᠵᠥᠷᠢᠴᠡᠨ ᠭᠠᠯ ᠴᠠᠬᠢᠯᠭᠠᠨ ᠬᠡᠷᠡᠭᠯᠡᠭᠰᠡᠨ ᠵᠡᠷᠭᠡ ᠬᠠᠤᠯᠢ ᠠᠴᠠ ᠵᠥᠷᠢᠴᠡᠭᠰᠡᠨ ᠠᠰᠠᠭᠤᠳᠠᠯ ᠢ ᠭᠤᠤᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠪᠡ᠃ ᠲᠤᠬᠠᠶ ᠶᠢᠨ ᠲᠠᠯᠠᠪᠤᠷ ᠲᠤ᠂ ᠪᠠᠶᠢᠴᠠᠭᠠᠬᠤ ᠠᠵᠢᠯᠲᠠᠳ ᠡᠯ᠎ᠡ ᠲᠠᠯᠠᠪᠤᠷ ᠤᠨ ᠭᠠᠯ ᠤᠨᠲᠠᠷᠠᠭᠠᠬᠤ ᠪᠡᠯᠡᠳᠬᠡᠮᠵᠢ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠵᠢᠴᠢ ᠪᠦᠷᠢᠨ ᠪᠦᠲᠦᠨ ᠪᠦᠲᠦᠮᠵᠢᠲᠡᠶ ᠪᠠᠶᠢᠳᠠᠯ ᠢ ᠰᠤᠭᠤᠴᠢᠨ ᠪᠠᠶᠢᠴᠠᠭᠠᠵᠤ᠂ ᠳᠡᠯᠭᠡᠭᠦᠷ ᠤᠨ ᠳᠣᠲᠣᠷᠠᠬᠢ ᠴᠠᠬᠢᠯᠭᠠᠨ ᠤ ᠵᠠᠮ ᠱᠤᠭᠤᠮ ᠢ ᠲᠠᠯᠪᠢᠭᠰᠠᠨ ᠡᠰᠡᠬᠦ ᠨᠢ ᠵᠢᠷᠤᠮᠵᠢᠭᠰᠠᠨ ᠡᠰᠡᠬᠦ᠂ ᠭᠠᠯ ᠴᠠᠬᠢᠯᠭᠠᠨ ᠬᠡᠷᠡᠭᠯᠡᠬᠦ ᠬᠡᠢ ᠬᠡᠷᠡᠭᠯᠡᠭᠰᠡᠨ ᠵᠡᠷᠭᠡ ᠪᠠᠶᠢᠳᠠᠯ ᠢ ᠨᠠᠷᠢᠨ ᠪᠠᠶᠢᠴᠠᠭᠠᠨ ᠦᠵᠡᠬᠦ ᠶᠢᠨ ᠬᠠᠮᠲᠤ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠭᠠᠯ ᠤᠨᠲᠠᠷᠠᠭᠠᠭᠤᠷ ᠤᠨ ᠲᠣᠬᠢᠷᠠᠭᠤᠯᠤᠯᠲᠠ ᠶᠢᠨ ᠲᠤᠭ᠎ᠠ ᠬᠡᠮᠵᠢᠶ᠎ᠡ ᠨᠢ ᠬᠦᠷᠦᠯᠴᠡᠬᠦ ᠥᠬᠡᠶ᠂ ᠡᠯᠳᠡᠪ ᠪᠣᠳᠠᠰ ᠢ ᠣᠪᠣᠭᠠᠯᠠᠨ ᠲᠠᠯᠪᠢᠵᠤ ᠲᠠᠷᠬᠠᠭᠠᠬᠤ ᠵᠠᠮ ᠢ ᠡᠵᠡᠯᠡᠨ ᠬᠡᠷᠡᠭᠯᠡᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠪᠣᠳᠠᠲᠠᠶ ᠲᠣᠳᠣᠷᠬᠠᠶ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠪᠠᠶᠢᠴᠠᠭᠠᠭᠳᠠᠬᠤ ᠭᠠᠵᠠᠷ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠤ᠂ ︽ᠪᠠᠭ᠎ᠠ ᠭᠠᠯ ᠳᠤ ᠬᠥᠮᠦᠨ ᠦᠬᠦᠬᠦ︾ ᠵᠡᠷᠭᠡ ᠡᠯ᠎ᠡ ᠲᠥᠷᠥᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠪᠡ᠃ ᠡᠭᠦᠨ ᠤ ᠬᠠᠮᠲᠤ ᠭᠠᠯ ᠤᠨᠲᠠᠷᠠᠭᠠᠬᠤ ᠠᠮᠤᠷ ᠲᠦᠪᠰᠢᠨ ᠤ ᠰᠠᠨᠠᠭᠤᠯᠤᠮᠵᠢ ᠶᠢᠨ ᠵᠠᠷᠯᠠᠯ ᠨᠠᠭᠠᠵᠤ᠂ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠢ ᠮᠢᠨᠴᠦᠭᠦᠷᠡᠨ ᠰᠤᠯᠠᠷᠠᠬᠤ ᠦᠵᠡᠯ ᠰᠠᠨᠠᠭ᠎ᠠ ᠶᠢ ᠲᠡᠪᠴᠢᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠭᠠᠯ ᠢ ᠰᠡᠷᠭᠡᠶᠢᠯᠡᠬᠦ ᠪᠠᠶᠢᠩᠭᠤ ᠶᠢᠨ ᠴᠢᠨᠠᠷᠲᠠᠶ ᠲᠣᠭᠤᠷᠢᠨ ᠪᠠᠶᠢᠴᠠᠭᠠᠯᠲᠠ ᠶᠢ ᠨᠠᠷᠢᠨ ᠬᠢᠨᠠᠮᠠᠭᠠᠶ ᠰᠠᠶᠢᠲᠤᠷ ᠥᠷᠨᠢᠭᠦᠯᠵᠦ᠂ ᠭᠠᠯ ᠤᠨ ᠠᠶᠤᠯ ᠤᠨ ᠳᠠᠯᠳᠠ ᠭᠡᠮ ᠢ ᠴᠠᠭ ᠲᠤᠬᠠᠶ ᠳᠤᠨᠢ ᠣᠯᠵᠤ ᠮᠡᠳᠡᠬᠦ ᠪᠠ ᠠᠷᠢᠯᠭᠠᠵᠤ᠂ ᠡᠯ᠎ᠡ ᠲᠥᠷᠥᠯ ᠤᠨ ᠭᠠᠯ ᠤᠨ ᠠᠶᠤᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠶ ᠭᠡᠵᠦ ᠱᠠᠭᠠᠷᠳᠠᠪᠠ᠃
     ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠠᠯ ᠤᠨ ᠭᠠᠮᠰᠢᠭ ᠤᠨ ᠳᠠᠯᠳᠠ ᠬᠡᠮ ᠳᠤ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠠᠷᠠᠳ ᠣᠯᠠᠨ ᠤ ᠠᠮᠤᠷ ᠠᠮᠤᠭᠤᠯᠠᠩ ᠥᠯᠵᠡᠶ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠦᠨᠡᠨ ᠬᠦ ᠪᠠᠲᠤᠯᠠᠨ᠎ᠠ᠃
           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号