ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠯ ᠤᠨ ᠡᠴᠦᠰ ᠵᠢᠯ ᠤᠨ ᠡᠬᠢᠨ ᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/1/27
     ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ᠂ ᠪᠥᠬᠦ ᠲᠤᠭᠤᠷᠢᠭ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠡᠷᠡᠭᠯᠡᠯᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠬᠠᠷᠢᠶ᠎ᠠ ᠣᠷᠣᠨ ᠤ ᠪᠠᠨ ᠣᠯᠠᠨ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠲᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠵᠦ ᠪᠠᠶᠢᠭ᠎ᠠ ᠪᠠᠶᠢᠳᠠᠯ ᠳᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃
     ᠨᠢᠭᠡ ᠳᠤ ᠬᠤᠳᠠᠯᠳᠤᠭᠠᠨ ᠤ ᠬᠡᠲᠦ ᠳᠡᠯᠭᠡᠭᠦᠷ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠣᠯᠠᠨ ᠴᠤᠭᠯᠠᠷᠠᠬᠤ ᠭᠠᠵᠠᠷ ᠤᠨ ᠴᠠᠬᠢᠯᠭᠠᠨ ᠱᠠᠲᠤ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠪᠡ᠃ ᠴᠠᠬᠢᠯᠭᠠᠨ ᠱᠠᠲᠤ ᠬᠡᠷᠡᠭᠯᠡᠬᠦ ᠨᠢᠭᠡᠴᠢ ᠵᠢᠴᠢ ᠬᠠᠮᠠᠭᠠᠯᠠᠯᠲᠠ ᠶᠢᠨ ᠨᠢᠭᠡᠴᠢ ᠶᠢᠨ ᠠᠶᠤᠯᠭᠦᠶ ᠦᠢᠯᠡᠳᠪᠦᠷᠢᠯᠡᠯ ᠤᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠶᠡᠷᠦᠩᠬᠡᠶ ᠲᠣᠪᠴᠢᠶᠠᠨ ᠤ 74 ᠳ᠋ᠤᠭᠡᠷ ᠲᠣᠭᠠᠲᠤ ᠵᠠᠷᠯᠢᠭ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠲᠥᠬᠦᠭᠡᠷᠦᠮᠵᠢ ᠶᠢ ᠳᠠᠩᠰᠠᠯᠠᠨ ᠲᠡᠮᠳᠡᠭᠯᠡᠭᠰᠡᠨ ᠵᠢᠴᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠭᠰᠡᠨ ᠪᠠᠶᠢᠳᠠᠯ ᠢ ᠪᠠᠶᠢᠴᠠᠭᠠᠪᠠ᠃ ᠬᠡᠷᠡᠭᠯᠡᠬᠦ ᠨᠢᠭᠡᠴᠢ ᠵᠢᠴᠢ ᠬᠠᠮᠠᠭᠠᠯᠠᠬᠤ ᠨᠢᠭᠡᠴᠢ ᠶᠢ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠠᠭ ᠲᠤᠬᠠᠶ ᠳᠤᠨᠢ ᠥᠷᠨᠢᠭᠦᠯᠵᠦ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠠᠬᠢ ᠴᠠᠬᠢᠯᠭᠠᠨ ᠱᠠᠲᠤ ᠶᠢᠨ ᠠᠵᠢᠯᠯᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
     ᠬᠤᠶᠠᠷ ᠲᠤ᠂ ᠬᠠᠷᠢᠶ᠎ᠠ ᠣᠷᠣᠨ ᠤ ᠳᠣᠲᠣᠷᠠᠬᠢ ᠭᠦᠸᠧᠯᠦ ᠶᠢᠨ ᠳᠠᠷᠤᠯᠲᠠᠲᠤ ᠰᠠᠪᠠ ᠶᠢ ᠬᠡᠷᠡᠭᠯᠡᠬᠦ ᠨᠢᠭᠡᠴᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠥᠷᠨᠢᠭᠦᠯᠪᠡ᠃ ᠭᠤᠤᠯᠳᠠᠭᠤ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ᠂ ᠰᠢᠯᠭᠠᠨ ᠪᠠᠶᠢᠴᠠᠭᠠᠭᠰᠠᠨ ᠪᠠᠶᠢᠳᠠᠯ᠂ ᠠᠵᠢᠯᠲᠠᠨ ᠤ ᠦᠨᠡᠮᠯᠡᠯ ᠲᠠᠢ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠪᠠ᠃ ᠬᠡᠷᠡᠭᠯᠡᠬᠦ ᠨᠢᠭᠡᠴᠢ ᠶᠢ ︽ᠡᠳᠦᠷ ᠤᠨ ᠬᠠᠮᠢᠶᠠᠷᠤᠯᠲᠠ ᠡᠵᠡᠮᠳᠡᠯ᠂ ᠭᠠᠷᠠᠭ ᠤᠨ ᠵᠢᠭᠰᠠᠭᠠᠨ ᠪᠠᠶᠢᠴᠠᠭᠠᠯᠲᠠ᠂ ᠰᠠᠷ᠎ᠠ ᠶᠢᠨ ᠲᠣᠬᠢᠷᠠᠭᠤᠯᠤᠯᠲᠠ︾ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠬᠤᠭᠤᠴᠠᠭᠠᠨ ᠳᠤ᠂ ᠠᠶᠤᠯᠭᠦᠢ ᠦᠢᠯᠡᠳᠪᠦᠷᠢᠯᠡᠯ ᠤᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠲᠥᠬᠦᠭᠡᠷᠦᠮᠵᠢ ᠶᠢᠨ ᠲᠡᠭᠡᠭᠡᠪᠦᠷᠢ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃      ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠯ ᠤᠨ ᠡᠴᠦᠰ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠡᠯ᠎ᠡ ᠲᠥᠷᠥᠯ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠤᠯᠭᠦᠢ ᠦᠢᠯᠡᠳᠪᠦᠷᠢᠯᠡᠯ ᠤᠨ ᠠᠳᠡᠯ ᠢ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号