ᠥᠯᠵᠡᠶᠢᠲᠦ ᠡᠳᠦᠷ ᠤᠨ ᠪᠠᠶᠠᠷ ᠪᠣᠯ ᠮᠠᠨ ᠤ ᠤᠯᠠᠮᠵᠢᠯᠠᠯᠲᠤ ᠪᠠᠶᠠᠷ ᠤᠨ ᠡᠳᠦᠷ ᠮᠥᠨ᠂ ᠪᠠᠶᠠᠷ | ᠪᠠᠶᠠᠰᠬᠤᠯᠠᠩ ᠲᠠᠢ ᠥᠯᠵᠡᠶ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ | ᠲᠦᠮᠡᠨ ᠤ ᠰᠣᠶᠣᠯ ᠤᠨ ᠠᠮᠢᠳᠤᠷᠠᠯ ᠤᠨ ᠲᠤᠬᠠᠶ ᠰᠢᠨ᠎ᠡ ᠬᠡᠷᠡᠭᠴᠡᠭᠡ ᠱᠠᠭᠠᠷᠳᠠᠯᠭ᠎ᠠ᠂ ᠰᠢᠨ᠎ᠡ ᠬᠦᠰᠡᠯ ᠡᠷᠡᠮᠡᠯᠵᠡᠯ ᠢ | ᠤᠯᠠᠮ ᠨᠢᠭᠡ ᠠᠯᠬᠤᠮ ᠪᠠᠶᠠᠯᠢᠭᠵᠢᠭᠤᠯᠬᠤ ᠪᠠ ᠬᠠᠩᠭᠠᠬᠤ ᠶᠢᠨ ᠲᠥᠯᠥᠭᠡ᠂ ᠲᠠᠪᠤᠨ ᠰᠤᠪᠤᠷᠭ᠎ᠠ ᠰᠦᠮ᠎ᠡ ᠶᠢᠨ | ᠮᠦᠽᠧᠶ ︽ᠮᠠᠨ ᠤ ᠪᠠᠶᠠᠷ ᠤᠨ ᠡᠳᠦᠷ · ᠥᠯᠵᠡᠶᠢᠲᠦ ᠡᠳᠦᠷ ᠤᠨ ᠪᠠᠶᠠᠷ︾ ᠤᠨ ᠪᠣᠯᠪᠠᠰᠤᠨ ᠤ ᠦᠢᠯᠡᠳᠦᠯᠭᠡ ᠶᠢᠨ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | | | | | ᠠᠵᠢᠯᠯᠠᠭ᠎ᠠ ᠡᠬᠢᠯᠡᠮᠡᠭᠴᠡ᠂ ᠲᠠᠪᠤᠨ ᠰᠤᠪᠤᠷᠭ᠎ᠠ ᠰᠦᠮ᠎ᠡ ᠶᠢᠨ ᠮᠦᠽᠧᠶ ᠶᠢᠨ ᠤᠬᠠᠭᠤᠯᠤᠨ ᠰᠤᠷᠭᠠᠭᠴᠢᠳ | ᠬᠠᠮᠲᠤ ᠰᠤᠷᠤᠭᠴᠢᠳ ᠢ ᠳᠠᠭᠠᠭᠤᠯᠤᠨ ᠲᠠᠪᠤᠨ ᠰᠤᠪᠤᠷᠭ᠎ᠠ ᠰᠦᠮ᠎ᠡ ᠶᠢᠨ ᠮᠦᠽᠧᠶ ᠶᠢ ᠲᠣᠭᠤᠷᠢᠨ ᠦᠵᠡᠵᠦ᠂ | ᠰᠤᠪᠤᠷᠭ᠎ᠠ᠂ ᠮᠣᠩᠭᠤᠯ ᠪᠢᠴᠢᠭ ᠤᠨ ᠴᠢᠯᠠᠭᠤᠨ ᠰᠡᠶᠢᠯᠦᠮᠡᠯ ᠤᠨ ᠣᠳᠣᠨ ᠣᠷᠣᠨ ᠤ ᠵᠢᠷᠤᠭ ᠵᠢᠴᠢ ᠮᠦᠽᠧᠶ | ᠳᠣᠲᠣᠷᠠᠬᠢ ᠰᠢᠨ᠎ᠡ ᠦᠵᠡᠭᠦᠯᠦᠯᠭᠡ ᠶᠢᠨ ︽ᠲᠦᠷᠪᠡᠯᠵᠢᠨ ᠢᠮᠠᠬᠤ ᠰᠢᠪᠠᠷ ᠱᠤᠭᠤᠮᠠᠯ — ᠲᠠᠪᠤᠨ | ᠰᠤᠪᠤᠷᠭ᠎ᠠ ᠰᠦᠮ᠎ᠡ ᠶᠢᠨ ᠳᠦᠷᠰᠦ ᠪᠦᠲᠦᠭᠡᠬᠦ ᠤᠷᠠᠯᠢᠭ ᠤᠨ ᠦᠵᠡᠭᠦᠯᠦᠯᠭᠡ︾ ᠶᠢ ᠠᠮᠢᠳᠤᠯᠢᠭ ᠪᠥᠭᠡᠳ ᠨᠠᠷᠢᠨ | ᠲᠠᠨᠢᠯᠴᠠᠭᠤᠯᠵᠤ᠂ ᠮᠦᠽᠧᠶ ᠶᠢᠨ ᠳᠣᠲᠣᠷᠠᠬᠢ ᠲᠡᠦᠬᠡ ᠶᠢᠨ ᠳᠤᠷᠠᠰᠬᠠᠯᠲᠤ ᠵᠦᠢᠯᠡᠰ ᠢ ᠨᠠᠩ ᠳᠣᠲᠣᠨᠣᠰᠤᠭ ᠢᠶᠠᠷ ︽ | ᠠᠮᠢᠳᠤᠯᠢᠭ︾ ᠪᠣᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ︽ᠬᠠᠯᠠᠮᠰᠢᠯ︾ ᠢ ᠤᠯᠠᠮ ᠨᠢᠭᠡ | ᠠᠯᠬᠤᠮ ᠲᠦᠯᠬᠢᠨ ᠠᠬᠢᠭᠤᠯᠪᠠ᠃ ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ ᠤᠬᠠᠭᠤᠯᠤᠨ ᠰᠤᠷᠭᠠᠭᠴᠢᠳ | ᠲᠠᠶᠢᠯᠪᠤᠷᠢᠯᠠᠬᠤ ᠪᠠ ᠸᠢᠳᠢᠣ᠋ ᠶᠢ ᠤᠶᠠᠯᠳᠤᠭᠤᠯᠬᠤ ᠬᠡᠯᠪᠡᠷᠢ ᠪᠠᠷ ᠰᠤᠷᠤᠭᠴᠢᠳ ᠲᠤ ᠥᠯᠵᠡᠶᠢᠲᠦ ᠡᠳᠦᠷ ᠤᠨ | ᠪᠠᠶᠠᠷ ᠤᠨ ᠡᠳᠦᠷ ᠤᠨ ᠠᠷᠠᠳ ᠤᠨ ᠵᠠᠩ ᠦᠢᠯᠡ ᠰᠣᠶᠣᠯ ᠪᠣᠯᠤᠨ ᠤᠯᠠᠮᠵᠢᠯᠠᠯᠲᠤ ᠵᠠᠩ ᠳᠠᠳᠬᠠᠯ ᠢ ᠲᠠᠶᠢᠯᠪᠤᠷᠢᠯᠠᠨ | ᠥᠭᠴᠦ᠂ ᠪᠠᠰᠠ ᠤᠯᠠᠨ ᠢ ᠵᠣᠬᠢᠶᠠᠨ ᠪᠠᠶᠢᠭᠤᠯᠵᠤ ᠳ᠋ᠧᠩᠯᠦ ᠵᠣᠬᠢᠶᠠᠵᠠᠢ᠃ ᠡᠲᠡᠭᠡᠷ ᠠᠵᠢᠯᠯᠠᠭ᠎ᠠ ᠪᠠᠷ ᠳᠠᠮᠵᠢᠭᠤᠯᠤᠨ᠂ | ᠰᠤᠷᠤᠭᠴᠢᠳ ᠢ ᠬᠥᠲᠥᠯᠦᠨ ᠵᠢᠯᠣᠭᠤᠳᠴᠤ ᠤᠯᠠᠮᠵᠢᠯᠠᠯᠲᠤ ᠪᠠᠶᠠᠷ ᠤᠨ ᠡᠳᠦᠷ ᠢ ᠣᠶᠢᠯᠠᠭᠠᠭᠤᠯᠤᠨ ᠮᠡᠳᠡᠷᠡᠭᠦᠯᠵᠦ᠂ | ᠤᠯᠠᠮᠵᠢᠯᠠᠯᠲᠤ ᠰᠣᠶᠣᠯ ᠢ ᠣᠲᠣ ᠦᠶ᠎ᠡ ᠶᠢᠨ ᠠᠮᠢᠳᠤᠷᠠᠯ ᠳᠤ ᠨᠠᠩ ᠰᠠᠶᠢᠲᠤᠷ ᠠᠭᠤᠰᠤᠯᠴᠠᠭᠤᠯᠵᠤ᠂ | ᠰᠤᠷᠤᠭᠴᠢᠳ ᠤᠨ ᠰᠢᠨ᠎ᠡ ᠴᠠᠭ ᠦᠶ᠎ᠡ ᠶᠢᠨ ᠰᠣᠶᠣᠯ ᠤᠨ ᠤᠯᠠᠮᠵᠢᠯᠠᠭᠴᠢ ᠪᠠ ᠰᠣᠶᠣᠯ ᠤᠨ ᠳᠠᠮᠵᠢᠭᠤᠯᠤᠭᠴᠢ ᠶᠢ | ᠰᠠᠶᠢᠲᠤᠷ ᠬᠢᠬᠦ ᠶᠢ ᠵᠤᠷᠢᠭᠵᠢᠭᠤᠯᠪᠠ᠃ | | | | | | | | ᠲᠤᠰ ᠤᠳᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠨᠢ ᠴᠠᠭ | ᠦᠶ᠎ᠡ ᠶᠢᠨ ᠬᠡᠪ ᠰᠤᠷᠲᠠᠯ ᠢ ᠳᠡᠯᠭᠡᠨ ᠦᠵᠡᠭᠦᠯᠬᠦ ᠪᠠ ᠲᠠᠪᠤᠨ ᠰᠤᠪᠤᠷᠭ᠎ᠠ ᠰᠦᠮ᠎ᠡ ᠶᠢᠨ ᠮᠦᠽᠧᠶ ᠶᠢᠨ ᠥᠨᠢ | ᠤᠳᠠᠭᠠᠨ ᠲᠡᠦᠬᠡ ᠶᠢᠨ ᠳᠤᠷᠠᠰᠬᠠᠯᠲᠤ ᠵᠦᠢᠯᠡᠰ ᠢ ᠤᠷᠠᠨ ᠢᠶᠠᠷ ᠤᠶᠠᠯᠳᠤᠭᠤᠯᠵᠤ᠂ ᠦᠵᠡᠭᠴᠢᠳ ᠤᠨ ᠦᠵᠡᠵᠦ | ᠰᠣᠨᠢᠷᠬᠠᠬᠤ ᠳᠤᠷᠠᠲᠠᠶ ᠬᠡᠯᠪᠡᠷᠢ ᠪᠠᠷ ᠢᠯᠡᠷᠡᠭᠦᠯᠵᠦ᠂ ᠪᠠᠶᠠᠷ ᠤᠨ ᠡᠳᠦᠷ ᠤᠨ ᠵᠥᠩᠨᠡᠯ ᠢ ᠳᠠᠮᠵᠢᠭᠤᠯᠬᠤ ᠪᠠᠷ ᠪᠠᠷᠠᠬᠤ | ᠦᠭᠡᠢ᠂ ᠪᠠᠰᠠ ᠮᠦᠽᠧᠢ ᠶᠢᠨ ︽ᠬᠤᠶᠠᠳᠤᠭᠠᠷ ᠬᠢᠴᠢᠶᠡᠯ ᠤᠨ ᠲᠠᠩᠬᠢᠮ︾ ᠤᠨ ᠦᠢᠯᠡᠳᠦᠯ ᠢ ᠭᠦᠢᠴᠡᠳ | ᠪᠠᠳᠠᠷᠠᠭᠤᠯᠤᠭᠰᠠᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠤᠨ | ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠵᠦ᠂ ᠣᠯᠠᠨ ᠳᠤ ᠤᠯᠠᠮᠵᠢᠯᠠᠯᠲᠤ ᠪᠠᠶᠠᠷ ᠤᠨ ᠡᠳᠦᠷ ᠤᠨ | ᠰᠣᠶᠣᠯ ᠤᠨ ᠷᠢᠳᠢ ᠰᠢᠳᠢ ᠶᠢ ᠮᠡᠳᠡᠷᠡᠭᠦᠯᠪᠡ᠃ | | | | | ᠢᠷᠡᠭᠡᠳᠦᠢ ᠳᠤ᠂ ᠲᠠᠪᠤᠨ ᠰᠤᠪᠤᠷᠭ᠎ᠠ ᠰᠦᠮ᠎ᠡ ᠶᠢᠨ ᠮᠦᠽᠧᠢ ᠰᠤᠷᠭᠠᠨ ᠬᠥᠮᠦᠵᠢᠯ ᠤᠨ ᠡᠭᠦᠷᠭᠡ | ᠴᠢᠳᠠᠪᠬᠢ ᠪᠠᠨ ᠦᠷᠭᠦᠯᠵᠢᠯᠡᠨ ᠭᠦᠢᠴᠡᠳ ᠪᠠᠳᠠᠷᠠᠭᠤᠯᠵᠤ᠂ ᠲᠠᠶᠢᠯᠤᠮᠵᠢ ᠬᠢᠬᠦ᠂ ᠠᠵᠢᠯᠯᠠᠭ᠎ᠠ ᠥᠷᠨᠢᠭᠦᠯᠬᠦ ᠵᠡᠷᠭᠡ | ᠬᠡᠯᠪᠡᠷᠢ ᠪᠠᠷ ᠳᠠᠮᠵᠢᠭᠤᠯᠤᠨ᠂ ᠬᠠᠮᠲᠤ ᠰᠤᠷᠤᠭᠴᠢᠳ ᠲᠤ ᠨᠡᠩ ᠤᠯᠠᠨ ᠰᠣᠶᠣᠯ ᠲᠡᠦᠬᠡ ᠶᠢᠨ ᠳᠤᠷᠠᠰᠬᠠᠯᠲᠤ | ᠵᠦᠢᠯᠡᠰ ᠤᠨ ᠮᠡᠳᠡᠯᠭᠡ ᠶᠢ ᠲᠦᠭᠡᠮᠡᠯᠵᠢᠭᠦᠯᠦᠨ᠎ᠡ᠃ ᠰᠤᠷᠤᠭᠴᠢᠳ ᠲᠤ ᠲᠡᠦᠬᠡ ᠶᠢ ᠭᠦᠨᠵᠡᠭᠡᠶ ᠣᠶᠢᠯᠠᠭᠠᠭᠤᠯᠵᠤ᠂ | ᠲᠡᠦᠬᠡ ᠶᠢᠨ ᠳᠤᠷᠠᠰᠬᠠᠯᠲᠤ ᠵᠦᠢᠯᠡᠰ ᠤᠨ ᠠᠷᠤ ᠳᠠᠬᠢ ᠦᠯᠢᠭᠡᠷ ᠢ ᠣᠶᠢᠯᠠᠭᠠᠭᠤᠯᠵᠤ᠂ ᠰᠣᠶᠣᠯ ᠤᠨ ᠮᠦᠽᠧᠶ ᠶᠢᠨ | ᠬᠦᠴᠦᠨ ᠢ ᠳᠠᠮᠵᠢᠭᠤᠯᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠰᠣᠶᠣᠯ ᠤᠨ ᠢᠲᠡᠭᠡᠯ ᠢ ᠨᠢ ᠪᠠᠲᠤᠳᠬᠠᠵᠤ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠭᠤᠯᠵᠤ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠤᠬᠠᠭᠤᠯᠬᠤ ᠡᠩᠨᠡᠭᠡ ᠳᠤ ᠣᠷᠣᠯᠴᠠᠭᠤᠯᠬᠤ ᠬᠡᠷᠡᠭᠲᠡᠢ᠃ | | | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |