ᠰᠢ ᠱᠦᠢ ᠮᠦᠸᠧ ᠲᠣᠰᠬᠤᠨ ᠶᠢᠰᠦᠨ ᠮᠤᠷᠤᠢ ᠳ᠋ᠧᠩ ᠤᠨ ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠵᠢᠯ ᠤᠨ ᠪᠠᠶᠠᠷ ᠢ ᠪᠡᠯᠭᠡᠯᠡᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/2/13
     ᠤᠢᠢᠷ᠎ᠠ ᠳᠤ᠂ ᠢᠦᠢ ᠴᠢᠤᠸᠠᠨ ᠲᠣᠭᠤᠷᠢᠭ ᠤᠨ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠰᠢ ᠱᠦᠢ ᠮᠦᠸᠧ ᠲᠣᠰᠬᠤᠨ ᠳᠤ ᠳ᠋ᠧᠩ ᠵᠤᠯᠠ ᠠᠰᠠᠭᠠᠵᠤ᠂ ᠬᠥᠮᠦᠰ ᠤᠨ ᠳᠠᠭᠤᠨ ᠱᠤᠤᠭᠢᠯᠳᠤᠨ᠎ᠠ᠃ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠪᠣᠯᠤᠭᠰᠠᠨ ︽ᠰᠢ ᠱᠦᠢ ᠮᠦᠸᠧ ᠶᠢᠨ ᠶᠢᠰᠦᠨ ᠮᠤᠷᠤᠶ ᠳ᠋ᠧᠩ ᠤᠨ ᠵᠢᠭᠰᠠᠭᠠᠯ︾ ᠤᠨ ᠣᠨ ᠤ ᠦᠪᠡᠳᠡᠭᠰᠢ ᠴᠤᠭᠯᠠᠭᠠᠨ ᠲᠣᠭᠲᠠᠭᠰᠠᠨ ᠴᠠᠭ ᠲᠠᠭᠠᠨ ᠶᠠᠪᠤᠭᠳᠠᠵᠤ᠂ ︽ᠶᠢᠰᠦᠨ ᠮᠤᠷᠤᠶ ᠳ᠋ᠧᠩ ᠢ ᠡᠷᠭᠢᠭᠦᠯᠵᠦ · ᠴᠠᠭᠠᠨ ᠰᠠᠷ᠎ᠠ ᠶᠢ ᠤᠭᠲᠤᠬᠤ︾ ᠪᠠᠷ ᠭᠤᠣᠯ ᠰᠡᠳᠦᠪ ᠪᠣᠯᠭᠠᠭᠰᠠᠨ ᠪᠣᠳᠠᠰ ᠤᠨ ᠪᠤᠰᠤ ᠰᠣᠶᠣᠯ ᠤᠨ ᠥᠪ ᠤᠨ ᠠᠷᠠᠳ ᠤᠨ ᠵᠠᠩ ᠦᠢᠯᠡ ᠶᠢᠨ ᠠᠵᠢᠯᠯᠠᠭ᠎ᠠ ᠨᠢ ᠤᠯᠠᠮᠵᠢᠯᠠᠯᠲᠤ ᠰᠢᠨ᠎ᠡ ᠵᠢᠯ ᠤᠨ ᠦᠨᠦᠷ ᠠᠮᠲᠠ ᠶᠢ ᠰᠣᠶᠣᠯ ᠵᠢᠭᠤᠯᠴᠢᠯᠠᠯ ᠤᠨ ᠰᠢᠨ᠎ᠡ ᠶᠢ ᠡᠭᠦᠳᠬᠦ ᠲᠠᠢ ᠭᠦᠨᠵᠡᠭᠡᠢ ᠠᠭᠤᠰᠤᠯᠴᠠᠭᠤᠯᠵᠤ᠂ ᠬᠥᠬᠡᠬᠤᠲᠠ ᠶᠢᠨ ᠠᠷᠠᠳ ᠢᠷᠭᠡᠳ ᠲᠤ ᠥᠪᠡᠷᠮᠢᠴᠡ ᠦᠨᠦᠷ ᠠᠮᠲᠠ ᠲᠠᠢ ᠴᠠᠭᠠᠨ ᠰᠠᠷ᠎ᠠ ᠶᠢᠨ ᠰᠣᠶᠣᠯ ᠤᠨ ᠦᠪᠡᠳᠡᠭᠰᠢ ᠨᠠᠶᠢᠷ ᠢ ᠳᠡᠪᠰᠢᠭᠦᠯᠵᠡᠢ᠃
     ᠰᠥᠨᠢ ᠶᠢᠨ ᠬᠠᠷᠠᠩᠭᠤᠶ ᠳᠤ᠂ 3000 ᠲᠡᠭᠰᠢ ᠳᠥᠷᠪᠡᠯᠵᠢᠨ ᠮᠧᠲᠷ ᠲᠠᠯᠠᠪᠠᠢ ᠶᠢ ᠡᠵᠡᠯᠡᠭᠰᠡᠨ ᠶᠢᠰᠦᠨ ᠮᠤᠷᠤᠶ ᠬᠠᠳᠤᠨ ᠭᠤᠣᠯ ᠤᠨ ᠳ᠋ᠧᠩ ᠤᠨ ᠵᠢᠭᠰᠠᠭᠠᠯ ᠬᠠᠮᠤᠭ ᠤᠨ ᠲᠦᠷᠦᠭᠦᠨ ᠳᠤ ᠭᠡᠷᠡᠯᠳᠦᠪᠡ᠃ 365 ᠭᠡᠷᠡᠯᠲᠦ ᠳ᠋ᠧᠩ ᠨᠢ ᠶᠢᠰᠦᠨ ᠣᠷᠳᠣᠨ ᠨᠠᠢᠮᠠᠨ ᠬᠦᠯᠢᠯ ᠤᠨ ᠵᠢᠭᠰᠠᠭᠠᠯ ᠤᠨ ᠵᠢᠷᠤᠭ ᠤᠨ ᠳᠠᠷᠠᠭᠠᠯᠠᠯ ᠢᠶᠠᠷ ᠮᠤᠷᠤᠯᠵᠠᠨ᠂ ᠲᠩᠷᠢ ᠶᠢᠨ ᠡᠷᠭᠢᠯᠲᠡ ᠶᠢᠨ ᠡᠷᠲᠡᠨ ᠤ ᠣᠶᠤᠨ ᠪᠢᠯᠢᠭ ᠢ ᠪᠡᠯᠭᠡᠳᠡᠨ᠎ᠡ᠃ ᠲᠣᠰᠬᠤᠨ ᠤ ᠠᠷᠠᠳ ᠵᠠᠯᠪᠠᠷᠢᠨ ᠳᠠᠭᠠᠳᠬᠠᠬᠤ ᠳ᠋ᠧᠩᠯᠦ ᠪᠠᠷᠢᠵᠤ᠂ ᠬᠠᠷᠠᠩᠭ᠎ᠠ ᠬᠡᠩᠭᠡᠷᠭᠡ ᠪᠣᠯᠤᠨ ᠪᠢᠰᠬᠢᠭᠦᠷ ᠤᠨ ᠨᠠᠷᠭᠢᠶᠠᠨ ᠤ ᠳᠤᠮᠳᠠ ︽ᠶᠢᠰᠦᠨ ᠮᠤᠷᠤᠶ ᠳ᠋ᠧᠩ ᠢ ᠡᠷᠭᠢᠭᠦᠯᠬᠦ︾ ᠶᠣᠰᠣᠯᠠᠯ ᠢ ᠡᠬᠢᠯᠡᠭᠦᠯᠪᠡ᠃ ᠡᠩᠨᠡᠭᠡ ᠶᠢᠨ ᠬᠢᠨ ᠳ᠋ᠧᠩ ᠤᠨ ᠵᠢᠭᠰᠠᠭᠠᠯ ᠤᠨ ᠳᠤᠮᠳᠠᠭᠤᠷ ᠰᠦᠯᠵᠢᠯᠳᠦᠨ ᠶᠠᠪᠤᠵᠤ᠂ ᠥᠩᠭᠡᠷᠡᠭᠰᠡᠨ ᠭᠠᠵᠠᠷ ᠲᠤ ᠫᠤᠤᠵᠢᠩ ᠤᠨ ᠲᠠᠭᠤᠨ ᠭᠠᠷᠴᠤ᠂ ︽ᠶᠢᠰᠦᠨ ᠮᠤᠷᠤᠶ ᠳ᠋ᠧᠩ ᠢ ᠡᠷᠭᠢᠭᠦᠯᠵᠦ᠂ ᠡᠪᠡᠳᠴᠢᠨ ᠪᠦᠬᠦᠨ ᠢ ᠠᠷᠢᠯᠭᠠᠬᠤ︾ ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠨ ᠢᠯᠡᠳᠬᠡᠵᠡᠢ᠃ ᠳ᠋ᠧᠩ ᠤᠨ ᠵᠢᠭᠰᠠᠭᠠᠯ ᠤᠨ ᠭᠠᠳᠠᠭᠤᠷ ᠥᠩᠭᠡᠲᠦ ᠬᠤᠪᠴᠠᠰᠤ ᠡᠮᠦᠰᠦᠭᠰᠡᠨ ᠶᠠᠩᠭᠠᠷ ᠪᠥᠵᠢᠭ ᠤᠨ ᠠᠩᠭᠢ ᠬᠡᠩᠭᠡᠷᠭᠡ ᠭᠢᠰᠬᠢᠨ ᠳᠡᠪᠬᠡᠷᠦᠨ ᠪᠥᠵᠢᠭᠯᠡᠵᠦ᠂ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ᠲᠣᠭᠯᠠᠭᠴᠢᠳ ᠬᠡᠦᠬᠡᠳ ᠤᠨ ᠬᠡᠦᠬᠡᠯᠳᠡᠢ ᠶᠢ ᠡᠭᠦᠷᠦᠨ ᠨᠠᠶᠢᠭᠤᠯᠵᠠᠵᠤ᠂ ᠣᠪᠣᠭᠠᠷᠠᠨ ᠦᠵᠡᠵᠦ ᠪᠠᠶᠢᠭ᠎ᠠ ᠤᠯᠠᠨ ᠲᠦᠮᠡᠨ ᠤ ᠪᠠᠭ᠋ᠠᠷᠬᠠᠯ ᠢ ᠲᠠᠲᠠᠪᠠ᠃
     300 ᠭᠠᠷᠤᠢ ᠵᠢᠯ ᠤᠯᠠᠮᠵᠢᠯᠠᠭᠳᠠᠭᠰᠠᠨ ᠡᠨᠡᠬᠦ ᠵᠠᠩ ᠦᠢᠯᠡ ᠶᠢᠨ ᠠᠵᠢᠯᠯᠠᠭ᠎ᠠ ᠨᠢ ᠲᠠᠷᠢᠶᠠᠯᠠᠬᠤ ᠪᠣᠯᠪᠠᠰᠤᠨ ᠳᠤ ᠣᠨᠴᠠ ᠪᠠᠶᠢᠳᠠᠭ ᠴᠠᠭ ᠣᠷᠣᠨ ᠵᠠᠢ ᠶᠢᠨ ᠦᠵᠡᠯᠲᠡ ᠪᠣᠯᠤᠨ ᠠᠮᠢ ᠨᠠᠰᠤᠨ ᠤ ᠦᠵᠡᠯᠲᠡ ᠶᠢ ᠠᠴᠢᠶᠠᠯᠠᠵᠤ ᠪᠤᠢ᠃ ︽ᠶᠢᠰᠦᠨ ᠮᠤᠷᠤᠶ ᠳ᠋ᠧᠩ ᠤᠨ ᠵᠢᠭᠰᠠᠭᠠᠯ ᠢ ᠪᠠᠶᠢᠷᠢᠯᠠᠭᠤᠯᠬᠤ ᠳᠠᠭᠠᠨ ︿ᠬᠤᠳᠠ ᠪᠤᠯᠭᠠᠨ ᠬᠤᠯᠪᠤᠯᠳᠤᠵᠤ᠂ ᠳ᠋ᠧᠩ ᠪᠦᠬᠦᠨ ᠵᠠᠯᠭᠠᠯᠳᠤᠬᠤ﹀ ᠶᠢ  ᠡᠷᠬᠢᠮᠯᠡᠵᠦ᠂ ᠥᠨᠴᠥᠭ ᠪᠤᠯᠤᠩ ᠨᠢᠭᠡᠪᠦᠷᠢ ᠨᠢ ᠴᠥᠮ ᠬᠤᠷᠢᠨ ᠲᠦᠷᠪᠡᠨ ᠴᠠᠭ ᠤᠯᠠᠷᠢᠯ ᠤᠨ ᠬᠤᠪᠢᠷᠠᠯᠲᠠ ᠶᠢᠨ ᠵᠢᠮ᠎ᠡ ᠶᠣᠰᠣ ᠲᠠᠢ ᠨᠢᠭᠡᠳᠳᠡᠭ ᠶᠤᠮ︾ ᠭᠡᠵᠦ ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠸᠠᠩ ᠹᠦ᠋ ᠲᠠᠨᠢᠯᠴᠠᠭᠤᠯᠪᠠ᠃ ᠤᠳᠤ ᠦᠶ᠎ᠡ ᠶᠢᠨ ᠭᠤᠸ᠎ᠠ ᠲᠠᠭᠠᠰᠢᠶᠠᠯ ᠳᠤ ᠵᠣᠬᠢᠴᠠᠭᠤᠯᠬᠤ ᠶᠢᠨ ᠲᠥᠯᠥᠭᠡ᠂ ᠡᠨᠡ ᠵᠢᠯ ᠣᠨᠴᠠᠭᠠᠶᠢᠯᠠᠨ ᠣᠷᠴᠢᠨ ᠲᠣᠭᠤᠷᠢᠨ ᠢ ᠬᠠᠮᠠᠭᠠᠯᠠᠬᠤ LED ᠳ᠋ᠧᠩ ᠤᠨ ᠪᠦᠴᠡ ᠶᠢ ᠤᠯᠠᠮᠵᠢᠯᠠᠯᠲᠤ ᠱᠠ ᠳ᠋ᠧᠩ ᠲᠠᠢ ᠤᠶᠠᠯᠳᠤᠭᠤᠯᠬᠤ ᠠᠷᠭ᠎ᠠ ᠶᠢ ᠬᠡᠷᠡᠭᠯᠡᠵᠦ᠂ ᠡᠷᠲᠡᠨ ᠤ ᠠᠷᠭ᠎ᠠ ᠪᠠᠷ ᠰᠦᠯᠵᠢᠬᠦ ᠤᠷ᠎ᠠ ᠮᠡᠷᠭᠡᠵᠢᠯ ᠢ ᠬᠠᠳᠠᠭᠠᠯᠠᠬᠤ ᠪᠠᠷ ᠪᠠᠷᠠᠬᠤ ᠦᠭᠡᠢ ᠪᠠᠰᠠ ᠭᠡᠷᠡᠯ ᠰᠡᠭᠦᠳᠡᠷ ᠤᠨ ᠤᠷᠠᠯᠢᠭ ᠤᠨ ᠲᠥᠬᠦᠭᠡᠷᠦᠮᠵᠢ ᠳᠤ ᠠᠭᠤᠰᠬᠠᠵᠤ᠂ ᠮᠢᠩᠭᠠᠨ ᠣᠨ ᠤ ᠵᠠᠩ ᠦᠢᠯᠡ ᠶᠢ ᠤᠳᠤ ᠦᠶ᠎ᠡ ᠶᠢᠨ ᠠᠮᠢᠵᠢᠷᠠᠯ ᠤᠨ ᠬᠦᠴᠦᠨ ᠲᠠᠢ ᠪᠤᠯᠭᠠᠪᠠ᠃
     ᠢᠦᠢ ᠴᠢᠤᠸᠠᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠤᠪᠴᠢᠶ᠎ᠠ ᠶᠢᠨ ᠼᠠᠢ ᠦ᠋ ᠵᠢᠶᠧ ᠢᠯᠡᠷᠬᠡᠶᠢᠯᠡᠬᠦ  ᠳᠡᠭᠡᠨ᠂ ᠰᠢ ᠱᠦᠢ ᠮᠦᠸᠧ ᠶᠢᠰᠦᠨ ᠮᠤᠷᠤᠢ ᠳ᠋ᠧᠩ ᠤᠨ ᠵᠢᠭᠰᠠᠭᠠᠯ ᠨᠢ ︽ᠪᠣᠳᠠᠰ ᠤᠨ ᠪᠤᠰᠤ ᠰᠣᠶᠣᠯ ᠤᠨ ᠦᠪ + ᠰᠣᠶᠣᠯ ᠵᠢᠭᠤᠯᠴᠢᠯᠠᠯ︾ ᠢ ᠠᠭᠤᠰᠤᠯᠴᠠᠭᠤᠯᠤᠨ ᠬᠥᠭᠵᠢᠭᠦᠯᠬᠦ ᠬᠡᠪ ᠳᠠᠭᠤᠷᠢᠶᠠᠯ ᠤᠨ ᠲᠦᠷᠦᠯ ᠵᠦᠢᠯ ᠪᠣᠯᠵᠠᠢ᠃ ᠢᠷᠡᠭᠡᠳᠦᠶ ᠳᠤ ︽ᠪᠣᠳᠠᠰ ᠤᠨ ᠪᠤᠰᠤ ᠰᠣᠶᠣᠯ ᠤᠨ ᠥᠪ ᠨᠡᠶᠢᠭᠡᠮ ᠲᠣᠭᠤᠷᠢᠭ ᠲᠤ︾ ᠬᠠᠮᠠᠭᠠᠯᠠᠯᠲᠠ ᠶᠢᠨ ᠲᠣᠭᠲᠠᠴᠠ ᠳᠤ ᠲᠦᠰᠢᠭᠯᠡᠨ᠂ ᠨᠠᠩ ᠣᠯᠠᠨ ᠰᠣᠶᠣᠯ ᠤᠨ ᠪᠡᠶᠡᠴᠢᠯᠡᠨ ᠣᠶᠢᠯᠠᠭᠠᠬᠤ ᠠᠬᠤᠶ ᠪᠠᠶᠢᠳᠠᠯ ᠢ ᠪᠣᠶ ᠪᠣᠯᠭᠠᠵᠤ᠂ ᠰᠣᠶᠣᠯ ᠤᠨ ᠡᠭᠦᠳᠦᠯᠲᠡ ᠶᠢᠨ ᠰᠢᠷᠢᠰ ᠦᠢᠯᠡᠳᠬᠦᠨ ᠢ ᠨᠡᠭᠡᠭᠡᠨ ᠬᠥᠭᠵᠢᠭᠦᠯᠵᠦ᠂ ︽ᠪᠠᠶᠠᠷ ᠳᠤᠷᠠᠰᠬᠠᠯ ᠤᠨ ᠦᠵᠡᠭᠦᠯᠦᠯᠭᠡ + ᠬᠡᠪ ᠤᠨ ᠪᠡᠶᠡᠴᠢᠯᠡᠨ ᠣᠶᠢᠯᠠᠭᠠᠬᠤ + ᠰᠤᠳᠤᠯᠤᠨ ᠰᠤᠷᠤᠯᠴᠠᠵᠤ ᠤᠯᠠᠮᠵᠢᠯᠠᠨ ᠵᠠᠯᠭᠠᠮᠵᠢᠯᠠᠬᠤ︾ ᠪᠣᠰᠤᠭ᠎ᠠ ᠴᠣᠭᠴᠠᠲᠤ ᠬᠠᠮᠠᠭᠠᠯᠠᠯᠲᠠ ᠶᠢᠨ ᠵᠠᠭᠪᠤᠷ ᠢ ᠪᠣᠶ ᠪᠣᠯᠭᠠᠵᠤ᠂ ᠤᠯᠠᠮᠵᠢᠯᠠᠯᠲᠤ ᠰᠣᠶᠣᠯ ᠢ ᠦᠨᠡᠨ ᠬᠦ ᠤᠳᠤ ᠴᠠᠭ ᠦᠶ᠎ᠡ ᠲᠠᠢ ᠠᠭᠤᠰᠤᠯᠴᠠᠭᠤᠯᠤᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号