ᠢᠦᠢ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ᠄ ᠠᠷᠢᠭᠤᠨ ᠴᠡᠪᠡᠷ ᠢ ᠭᠦᠨᠵᠡᠭᠡᠶ ᠠᠬᠢᠭᠤᠯᠵᠤ ᠴᠡᠪᠡᠷ ᠲᠡᠭᠰᠢ ᠣᠷᠴᠢᠨ ᠲᠣᠭᠤᠷᠢᠨ ᠢ ᠪᠣᠶ ᠪᠤᠯᠭᠠᠨ᠎ᠠ
ᠨᠡᠶᠢᠲᠡᠯᠡᠭᠰᠡᠨ ᠴᠠᠭ᠄
2025/2/13
     ᠣᠷᠴᠢᠨ ᠲᠣᠭᠤᠷᠢᠨ ᠤ ᠠᠷᠢᠭᠤᠨ ᠴᠡᠪᠡᠷ ᠢ ᠨᠠᠷᠢᠯᠢᠬᠵᠢᠭᠤᠯᠬᠤ᠂ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠬᠠᠮᠢᠶᠠᠷᠤᠯᠲᠠ ᠶᠢ ᠪᠦᠲᠦᠮᠵᠢᠲᠡᠶ ᠪᠡᠶᠡᠯᠡᠭᠦᠯᠵᠦ᠂ ᠴᠡᠪᠡᠷ ᠴᠡᠮᠴᠡᠭᠡᠷ᠂ ᠪᠣᠯᠪᠠᠰᠤᠨ᠂ ᠭᠤᠶᠣ ᠰᠠᠶᠢᠬᠠᠨ ᠬᠤᠲᠠ ᠶᠢᠨ ᠣᠷᠴᠢᠨ ᠨᠦᠬᠦᠴᠡᠯ ᠢ ᠪᠣᠶ ᠪᠤᠯᠭᠠᠬᠤ ᠶᠢᠨ ᠲᠦᠯᠦᠭᠡ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠭᠤᠤᠯᠳᠠᠯᠭ᠎ᠠ ᠲᠠᠢ ᠵᠠᠮ ᠤᠨ ᠬᠡᠰᠡᠭ ᠤᠨ ᠭᠦᠨᠵᠡᠭᠡᠶ ᠴᠡᠪᠡᠷᠯᠡᠯᠲᠡ ᠶᠢ ᠠᠩᠬᠠᠷᠴᠤ᠂ ᠵᠠᠮ ᠤᠨ ᠬᠡᠪ ᠤᠨ ᠴᠡᠪᠡᠷᠯᠡᠯᠲᠡ ᠪᠠ ᠵᠢᠷᠤᠮᠵᠢᠭᠤᠯᠤᠯᠲᠠ ᠶᠢᠨ ᠠᠵᠢᠯ ᠢ ᠳᠣᠪᠤᠶᠢᠯᠭᠠᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠶᠠᠰᠤ ᠴᠢᠨᠠᠷ ᠤᠨ ᠵᠡᠷᠭᠡ ᠲᠠᠰ ᠳᠡᠪᠰᠢᠬᠦ ᠶᠢ ᠪᠥᠬᠦ ᠲᠠᠯ᠎ᠠ ᠪᠠᠷ ᠠᠬᠢᠭᠤᠯᠪᠠ᠃
     ᠵᠠᠮ ᠢ ᠬᠡᠪ ᠤᠨ ᠪᠠᠶᠢᠳᠠᠯ ᠢᠶᠠᠷ ᠴᠡᠪᠡᠷᠯᠡᠭᠰᠡᠨ ᠰᠠᠭᠤᠷᠢᠨ ᠳᠡᠭᠡᠷ᠎ᠡ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠷᠢᠳᠠᠪᠠᠷ ᠭᠤᠤᠯ ᠳᠠᠷᠠᠭ᠎ᠠ ᠨᠢ ᠳᠡᠳ᠋ ᠠᠵᠢᠯᠯᠠᠬᠤ ᠳᠡᠰ ᠳᠠᠷᠠᠭᠠᠯᠠᠯ ᠶᠣᠰᠣᠭᠠᠷ᠂ ᠤᠬᠢᠶᠠᠵᠤ ᠴᠡᠪᠡᠷᠯᠡᠬᠦ ᠲᠡᠷᠭᠡ᠂ ᠤᠰᠤ ᠰᠠᠴᠤᠬᠤ ᠲᠡᠷᠭᠡ᠂ ᠥᠨᠳᠥᠷ ᠳᠠᠷᠤᠯᠲᠠᠲᠤ ᠰᠦᠷᠴᠢᠨ ᠤᠭᠢᠶᠠᠬᠤ ᠲᠡᠷᠭᠡ ᠵᠡᠷᠭᠡ ᠮᠠᠰᠢᠨ ᠲᠡᠷᠭᠡ ᠶᠢ ᠵᠦᠶ ᠵᠣᠬᠢᠰᠲᠠᠶ ᠰᠢᠯᠵᠢᠭᠦᠯᠦᠨ ᠲᠣᠮᠢᠯᠠᠵᠤ᠂ ᠬᠥᠮᠦᠨ ᠤ ᠬᠦᠴᠦ ᠪᠠᠷ ᠴᠡᠪᠡᠷᠯᠡᠬᠦ ᠯᠦᠭᠡ ᠬᠠᠮᠵᠢᠯᠴᠠᠨ᠂ ᠭᠤᠤᠯᠳᠠᠯᠭ᠎ᠠ ᠲᠠᠢ ᠵᠠᠮ ᠤᠨ ᠬᠡᠰᠡᠭ᠂ ᠪᠣᠬᠢᠷᠲᠤᠯ ᠬᠦᠨᠳᠦ ᠨᠣᠴᠢᠲᠠᠶ ᠬᠡᠰᠡᠭ ᠤᠨ ᠵᠠᠮ ᠤᠨ ᠭᠠᠳᠠᠷᠭᠤ ᠵᠢᠴᠢ ᠵᠠᠮ ᠳᠠᠭᠠᠤ ᠶᠢᠨ ᠬᠤᠭ ᠨᠤᠪᠰᠢ ᠶᠢᠨ ᠬᠠᠶᠢᠷᠴᠠᠭ ᠵᠡᠷᠭᠡ ᠪᠡᠯᠡᠳᠬᠡᠮᠵᠢ ᠶᠢ ᠲᠠᠰᠤᠯᠳᠠᠭᠤᠯᠬᠤ ᠥᠬᠡᠶ ᠪᠠᠷ ᠤᠬᠢᠶᠠᠵᠤ ᠴᠡᠪᠡᠷᠯᠡᠬᠦ᠂ ᠤᠰᠤ ᠰᠠᠴᠤᠬᠤ᠂ ᠰᠦᠷᠴᠢᠨ ᠤᠬᠢᠶᠠᠬᠤ ᠠᠵᠢᠯ ᠬᠢᠵᠦ᠂ ᠵᠠᠮ ᠤᠨ ᠭᠠᠳᠠᠷᠭᠤ ᠶᠢᠨ ᠲᠠᠬᠢᠯᠭ᠎ᠠ ᠶᠢᠨ ᠣᠷᠣ ᠮᠥᠷ ᠢ ᠴᠠᠭ ᠲᠤᠬᠠᠶ ᠳᠤᠨᠢ ᠴᠡᠪᠡᠷᠯᠡᠨ ᠠᠷᠢᠯᠭᠠᠵᠤ᠂ ᠵᠠᠮ ᠤᠨ ᠭᠠᠳᠠᠷᠭᠤ ᠳᠤ ᠲᠤᠭᠤᠰᠤ ᠰᠢᠷᠣᠶ ᠥᠬᠡᠶ᠂ ᠵᠠᠮ ᠤᠨ ᠭᠠᠳᠠᠷᠭᠤ ᠳᠤ ᠰᠢᠲᠠᠯᠲᠠ ᠶᠢᠨ ᠣᠷᠣᠮ ᠥᠬᠡᠶ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠬᠦᠭᠡᠷᠦᠮᠵᠢ ᠶᠢ ᠴᠡᠪᠡᠷ ᠲᠡᠭᠰᠢ ᠪᠠᠶᠢᠯᠭᠠᠪᠠ᠃ ᠡᠭᠦᠨ ᠤ ᠬᠠᠮᠲᠤ᠂ ᠲᠠᠬᠢᠯᠭ᠎ᠠ ᠶᠢᠨ ᠦᠯᠡᠳᠡᠭᠳᠡᠯ ᠢ ᠢᠯᠭᠠᠷᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ ᠠᠵᠢᠯ ᠤᠨ ᠪᠠᠶᠢᠴᠠᠭᠠᠯᠲᠠ ᠪᠣᠯᠭᠠᠵᠤ᠂ ᠬᠢᠨᠠᠯᠲᠠ ᠲᠠᠯᠪᠢᠵᠤ ᠬᠢᠨᠠᠨ ᠰᠢᠯᠭᠠᠬᠤ ᠲᠦᠷᠢᠮ ᠢ ᠲᠠᠰᠤᠷᠠᠯᠲᠠ ᠥᠬᠡᠶ ᠪᠦᠷᠢᠨᠰᠢᠬᠦᠯᠬᠦ᠂ ᠡᠳᠦᠷ ᠲᠤᠲᠤᠮ ᠤᠨ ᠬᠢᠨᠠᠨ ᠰᠢᠯᠭᠠᠬᠤ ᠡᠷᠴᠢᠮ ᠢ ᠴᠢᠩᠭᠠᠷᠠᠭᠤᠯᠬᠤ᠂ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠡᠯ᠎ᠡ ᠠᠵᠢᠯ ᠤᠨ ᠦᠢᠯᠡᠴᠢᠯᠡᠭᠡᠨ ᠤ ᠺᠣᠮᠫᠠᠨᠢ ᠶᠢᠨ ᠬᠠᠷᠢᠭᠤᠴᠠᠯᠭ᠎ᠠ ᠪᠠᠨ ᠱᠠᠲᠤ ᠱᠠᠲᠤ ᠪᠠᠷ ᠪᠠᠲᠤᠳᠬᠠᠬᠤ ᠶᠢ ᠰᠢᠮᠳᠠᠭᠤᠯᠵᠤ᠂ ᠠᠰᠠᠭᠤᠳᠠᠯ ᠢ ᠢᠯᠡᠷᠡᠭᠦᠯᠵᠦ᠂ ᠴᠠᠭ ᠲᠤᠬᠠᠶ ᠳᠤᠨᠢ ᠰᠢᠢᠳᠪᠦᠷᠢᠯᠡᠵᠦ᠂ ᠦᠳᠲᠡᠷ ᠲᠦᠷᠭᠡᠨ ᠴᠡᠭᠴᠡᠯᠡᠨ ᠰᠠᠶᠢᠵᠢᠷᠠᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠂ ᠪᠣᠯᠪᠠᠰᠤᠨ ᠬᠤᠲᠠ ᠶᠢᠨ ᠳᠦᠷᠰᠦ ᠪᠠᠶᠢᠳᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃
     ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠠᠴᠠ ᠦᠷᠭᠦᠯᠵᠢᠯᠡᠨ ᠬᠠᠮᠢᠶ᠎ᠠ ᠪᠥᠬᠦᠶ ᠪᠠᠷᠢᠮᠵᠢᠶ᠎ᠠ ᠲᠠᠢ ᠬᠠᠷᠢᠴᠠᠭᠤᠯᠤᠨ᠂ ︽ᠠᠷᠢᠭᠤᠨ ᠴᠡᠪᠡᠷ ᠢ ᠪᠦᠬᠦᠯᠢ ᠡᠳᠦᠷ ᠢᠶᠠᠷ ᠪᠠᠶᠢᠯᠭᠠᠬᠤ᠂ ᠬᠠᠮᠢᠶᠠᠷᠤᠯᠲᠠ ᠶᠢ ᠵᠠᠪᠰᠠᠷ ᠥᠬᠡᠶ ᠪᠠᠶᠢᠯᠭᠠᠬᠤ᠂ ᠬᠠᠷᠢᠭᠤᠴᠠᠯᠭ᠎ᠠ ᠶᠢ ᠪᠦᠬᠦᠨ ᠢ ᠬᠠᠮᠤᠷᠬᠤ︾ ᠵᠠᠷᠴᠢᠮ ᠶᠣᠰᠣᠭᠠᠷ᠂ ᠭᠤᠤᠯᠳᠠᠯᠭ᠎ᠠ ᠲᠠᠢ ᠣᠷᠣᠨ ᠪᠦᠰᠡ ᠶᠢ ᠭᠦᠨᠵᠡᠭᠡᠶ ᠴᠡᠪᠡᠷᠯᠡᠬᠦ ᠶᠢ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠤᠲᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃
           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号