ᠢᠦᠢ ᠴᠢᠤᠸᠠᠨ ᠲᠣᠭᠤᠷᠢᠭ 2025 ᠣᠨ ᠤ ︽ᠤᠷᠢᠬᠠᠨ ᠰᠠᠯᠬᠢᠨ ᠤ ᠠᠵᠢᠯᠯᠠᠭ᠎ᠠ︾ ᠶᠢᠨ ᠠᠵᠢᠯᠲᠠᠨ ᠡᠯᠰᠡᠬᠦ ᠴᠤᠭᠯᠠᠭᠠᠨ ᠢ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2025/2/17
     2 ᠳ᠋ᠤᠭᠠᠷ ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠦᠢ ᠴᠢᠤᠸᠠᠨ ᠲᠣᠭᠤᠷᠢᠭ ᠤᠨ ᠬᠤᠷᠢᠶ᠎ᠠ᠂ ᠢᠦᠢ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠭᠰᠡᠨ 2025 ᠣᠨ ᠤ ︽ᠤᠷᠢᠬᠠᠨ ᠰᠠᠯᠬᠢᠨ ᠤ ᠠᠵᠢᠯᠯᠠᠭ᠎ᠠ︾ ᠶᠢᠨ ᠠᠵᠢᠯ ᠣᠯᠭᠤᠯᠲᠠ ᠶᠢ ᠠᠬᠢᠭᠤᠯᠬᠤ ᠲᠣᠮᠣ ᠬᠡᠯᠪᠡᠷᠢ ᠶᠢᠨ ᠠᠵᠢᠯᠲᠠᠨ ᠡᠯᠰᠡᠬᠦ ᠬᠤᠷᠠᠯ ᠬᠥᠬᠡᠬᠤᠲᠠ ᠶᠢᠨ ᠵᠧᠨ ᠬᠤᠸᠠ ᠲᠠᠯᠠᠪᠠᠢ ᠶᠢᠨ ᠰᠢᠨᠬᠤᠸᠠ MALL ᠳᠤ ᠲᠡᠭᠦᠰ ᠠᠮᠵᠢᠯᠲᠠ ᠲᠠᠢ ᠥᠨᠳᠥᠷᠯᠡᠪᠡ᠃ ᠠᠵᠢᠯᠯᠠᠭ᠎ᠠ ᠨᠢ ︽ᠬᠠᠪᠤᠷ ᠤᠨ ᠰᠠᠯᠬᠢᠨ ᠠᠵᠢᠯ ᠤᠨ ᠪᠠᠶᠢᠷᠢ ᠬᠦᠷᠭᠡᠵᠦ ᠠᠵᠢᠯ ᠣᠯᠭᠤᠯᠲᠠ ᠶᠢ ᠠᠬᠢᠭᠤᠯᠵᠤ᠂ ᠨᠠᠷᠢᠯᠢᠭ ᠣᠨᠣᠴᠠᠲᠠᠶ ᠪᠠᠷ ᠦᠢᠯᠡᠴᠢᠯᠡᠵᠦ ᠠᠷᠠᠳ ᠤᠨ ᠰᠡᠳᠬᠢᠯ ᠢ ᠳᠤᠯᠠᠭᠠᠴᠠᠭᠤᠯᠬᠤ︾ ᠪᠠᠷ ᠭᠤᠣᠯ ᠰᠡᠳᠦᠪ ᠪᠣᠯᠭᠠᠵᠤ᠂ 230 ᠭᠠᠷᠤᠢ ᠰᠢᠯᠢᠳᠡᠭ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠲᠤᠬᠠᠢ ᠶᠢᠨ ᠲᠠᠯᠠᠪᠠᠢ ᠳᠤ 8000 ᠭᠠᠷᠤᠢ ᠠᠵᠢᠯ ᠤᠨ ᠪᠠᠶᠢᠷᠢ ᠬᠠᠩᠭᠠᠵᠤ᠂ ᠦᠢᠯᠡᠳᠬᠦ ᠦᠢᠯᠡᠰ᠂ ᠦᠢᠯᠡᠴᠢᠯᠡᠭᠡᠨ ᠤ ᠦᠢᠯᠡᠰ᠂ ᠬᠤᠳᠠᠯᠳᠤᠭ᠎ᠠ ᠠᠷᠠᠯᠵᠢᠶᠠᠨ ᠤ ᠦᠢᠯᠡᠰ᠂ ᠰᠢᠨ᠎ᠡ ᠵᠠᠭᠤᠴᠢᠯᠠᠭᠤᠷ ᠤᠨ ᠰᠦᠯᠵᠢᠶ᠎ᠡ᠂ ᠮᠥᠩᠭᠦᠨ ᠭᠦᠢᠯᠭᠡᠭᠡᠨ ᠤ ᠦᠢᠯᠡᠰ ᠵᠡᠷᠭᠡ ᠤᠯᠠᠨ ᠬᠦᠷᠢᠶ᠎ᠡ ᠶᠢ ᠬᠠᠮᠤᠷᠴᠤ᠂ 4.6 ᠲᠦᠮᠡ ᠭᠠᠷᠤᠢ ᠬᠥᠮᠦᠨ ᠤᠳᠠᠭ᠎ᠠ ᠲᠤᠬᠠᠢ ᠶᠢᠨ ᠲᠠᠯᠠᠪᠠᠢ ᠳᠤ ᠬᠦᠷᠴᠦ ᠠᠵᠢᠯ ᠡᠷᠢᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠡᠷᠭᠡᠪᠡᠷ ᠬᠦᠴᠦᠯᠡᠵᠦ᠂ ᠠᠵᠢᠯ ᠡᠷᠢᠭᠰᠡᠳ ᠪᠣᠯᠤᠨ ᠠᠵᠤ ᠠᠬᠤᠶᠢᠯᠠᠯ ᠳᠤ ᠥᠨᠳᠥᠷ ᠪᠦᠲᠦᠮᠵᠢᠲᠡᠢ ᠵᠣᠯᠭᠠᠭᠤᠯᠬᠤ ᠲᠠᠪᠴᠠᠩ ᠪᠠᠶᠢᠭᠤᠯᠵᠤ ᠥᠭᠴᠡᠢ᠃
     ᠠᠵᠢᠯᠲᠠᠨ ᠡᠯᠰᠡᠬᠦ ᠬᠤᠷᠠᠯ ᠤᠨ ᠲᠤᠬᠠᠶ ᠶᠢᠨ ᠲᠠᠯᠠᠪᠠᠶ ᠳᠤ ᠡᠩ ᠤᠨ ᠠᠵᠢᠯᠴᠢᠨ᠂ ᠵᠣᠴᠢᠨ ᠤ ᠦᠢᠯᠡᠴᠢᠯᠡᠭᠡ᠂ ᠮᠡᠷᠭᠡᠵᠢᠯ ᠤᠨ ᠠᠵᠢᠯᠲᠠᠨ᠂ ᠬᠠᠮᠢᠶᠠᠷᠤᠯᠲᠠ ᠶᠢᠨ ᠠᠵᠢᠯᠲᠠᠨ ᠵᠡᠷᠭᠡ ᠣᠯᠠᠨ ᠲᠠᠰ ᠳᠠᠪᠬᠤᠷᠭ᠎ᠠ ᠶᠢᠨ ᠠᠵᠢᠯ ᠤᠨ ᠪᠠᠶᠢᠷᠢ ᠭᠠᠷᠭᠠᠵᠤ᠂ ᠬᠤᠲᠠ ᠬᠥᠳᠡᠭᠡ ᠶᠢᠨ ᠬᠥᠳᠡᠯᠮᠦᠷᠢᠴᠢᠨ᠂ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠵᠡᠷᠭᠡ ᠭᠤᠤᠯᠳᠠᠯᠭ᠎ᠠ ᠲᠠᠢ ᠬᠥᠮᠦᠰ ᠤᠨ ᠬᠡᠷᠡᠭᠴᠡᠭᠡ ᠱᠠᠭᠠᠷᠳᠠᠯᠭ᠎ᠠ ᠳᠤ ᠲᠦᠢᠯ ᠤᠨ ᠣᠨᠣᠪᠴᠢᠲᠠᠶ ᠪᠠᠷ ᠦᠢᠯᠡᠴᠢᠯᠡᠪᠡ᠃ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠲᠣᠭᠤᠷᠢᠭ ᠬᠢᠭᠡᠳ ᠡᠷᠬᠡ ᠠᠰᠢᠭ ᠤᠨ ᠪᠠᠲᠤᠯᠠᠭ᠎ᠠ ᠶᠢᠨ ᠣᠷᠣᠨ ᠢ ᠵᠡᠷᠭᠡ ᠪᠠᠷ ᠨᠡᠭᠡᠭᠡᠵᠦ᠂ ᠠᠵᠢᠯᠲᠠᠳ ᠠᠵᠢᠯ ᠡᠷᠢᠭᠰᠡᠳ ᠲᠤ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠨᠥᠬᠦᠪᠥᠷᠢ᠂ ᠤᠷ᠎ᠠ ᠴᠢᠳᠠᠪᠤᠷᠢ ᠶᠢᠨ ᠪᠤᠯᠪᠠᠰᠤᠷᠠᠯ᠂ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠵᠢᠴᠢ ᠬᠥᠳᠡᠯᠮᠦᠷᠢ ᠶᠢᠨ ᠡᠷᠬᠡ ᠠᠰᠢᠭ ᠤᠨ ᠪᠠᠲᠤᠯᠠᠭ᠎ᠠ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ 17000 ᠭᠠᠷᠤᠶ ᠬᠤᠪᠢ ᠲᠠᠷᠬᠠᠭᠠᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠰᠢᠭᠤᠳ ᠬᠦᠷᠭᠡᠵᠡᠶ᠃ ᠠᠵᠢᠯᠯᠠᠭ᠎ᠠ ᠨᠢ ᠪᠠᠰᠠ ︽ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ︾ ᠵᠠᠭᠪᠤᠷ ᠢ ᠰᠢᠨ᠎ᠡ ᠪᠠᠷ ᠡᠭᠦᠳᠦᠨ ᠬᠡᠷᠡᠭᠯᠡᠵᠦ᠂ ᠲᠢᠺ ᠲᠤᠺ᠂ ᠸᠢᠴᠠᠲ ᠤᠨ ᠸᠢᠳᠢᠣ᠋ ᠪᠠᠷ ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ ᠮᠡᠳᠡᠭᠡ ᠵᠠᠩᠭᠢ᠂ ᠠᠰᠠᠷᠠᠮᠵᠢ ᠶᠢᠨ ᠬᠠᠷᠠᠭᠠᠯᠵᠠᠯ ᠵᠢᠴᠢ ᠬᠥᠭᠵᠢᠯᠲᠡ ᠶᠢᠨ ᠢᠷᠡᠭᠡᠳᠦᠢ ᠶᠢ ᠴᠠᠭ ᠲᠤᠬᠠᠢ ᠳᠤᠨᠢ ᠳᠡᠯᠭᠡᠨ ᠦᠵᠡᠭᠦᠯᠵᠦ᠂ 3 ᠲᠦᠮᠡᠨ ᠬᠥᠮᠦᠨ ᠤᠳᠠᠭ᠎ᠠ ᠶᠢᠨ ᠰᠦᠯᠵᠢᠶᠡᠨ ᠳᠡᠭᠡᠷ᠎ᠡ ᠬᠠᠷᠢᠯᠴᠠᠨ ᠬᠥᠳᠡᠯᠦᠯᠴᠡᠬᠦ ᠶᠢ ᠲᠠᠲᠠᠵᠤ᠂ ᠣᠷᠣᠨ ᠪᠦᠰᠡ ᠶᠢᠨ ᠬᠢᠵᠠᠭᠠᠷᠯᠠᠯ ᠢ ᠡᠪᠳᠡᠵᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠪᠡ᠃
     ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠤ ᠨᠥᠯᠥᠭᠡᠯᠡᠬᠦ ᠬᠦᠴᠦᠨ ᠢ ᠥᠷᠭᠡᠳᠬᠡᠬᠦ ᠶᠢᠨ ᠲᠥᠯᠥᠭᠡ᠂ ᠢᠦᠶ ᠴᠢᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠢᠦᠶ ᠴᠢᠤᠸᠠᠨ ᠤ ᠠᠵᠢᠯ ᠣᠯᠭᠤᠯᠲᠠ︾ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠣᠬᠤᠷ ᠴᠢᠮᠡᠭᠡ ᠶᠢᠨ ᠲᠠᠪᠴᠠᠩ ᠢᠶᠠᠷ ᠳᠠᠮᠵᠢᠭᠤᠯᠤᠨ ᠠᠵᠢᠯᠯᠠᠭ᠎ᠠ ᠶᠢᠨ ᠮᠡᠳᠡᠭᠡ ᠵᠠᠩᠭᠢ ᠶᠢ ᠬᠠᠨᠳᠤᠯᠭ᠎ᠠ ᠲᠠᠢ ᠪᠠᠷ ᠬᠦᠷᠭᠡᠵᠦ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠲᠠᠢ ᠬᠤᠯᠪᠣᠭᠠᠯᠠᠨ ᠰᠦᠯᠵᠢᠶᠡᠨ ᠭᠠᠳᠠᠨᠠᠬᠢ ᠤᠬᠠᠭᠤᠯᠭ᠎ᠠ ᠶᠢ ᠥᠷᠨᠢᠭᠦᠯᠵᠦ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ ᠵᠡᠷᠭᠡ ᠬᠥᠮᠦᠨ ᠬᠠᠷ᠎ᠠ ᠨᠢᠭᠲᠠᠷᠠᠭᠰᠠᠨ ᠣᠷᠣᠨ ᠪᠦᠰᠡ ᠳᠤ ᠵᠠᠷᠯᠠᠯ ᠨᠠᠭᠠᠵᠤ᠂ ᠬᠥᠨᠳᠡᠯᠡᠨ ᠪᠢᠴᠢᠭᠡᠰᠦ ᠡᠯᠭᠦᠵᠦ᠂ ᠭᠤᠤᠯᠳᠠᠯᠭ᠎ᠠ ᠲᠠᠢ ᠬᠥᠮᠦᠰ ᠲᠤ ︽ᠮᠡᠳᠡᠬᠦ ᠶᠣᠰᠣᠲᠠᠶ ᠶᠢ ᠨᠢ ᠴᠥᠮ ᠮᠡᠳᠡᠭᠦᠯᠬᠦ︾ ᠶᠢ ᠦᠨᠡᠨ ᠬᠦ ᠪᠠᠲᠤᠯᠠᠪᠠ᠃ ᠪᠦᠷᠢᠳᠬᠡᠯ ᠢ ᠦᠨᠳᠦᠰᠦᠯᠡᠪᠡᠯ᠂ ᠲᠤᠬᠠᠶ ᠶᠢᠨ ᠲᠠᠯᠠᠪᠤᠷ ᠲᠤ ᠨᠡᠶᠢᠲᠡ 5840 ᠭᠠᠷᠤᠶ ᠠᠵᠢᠯ ᠤᠯᠬᠤ ᠰᠠᠨᠠᠮᠵᠢ ᠲᠠᠢ ᠪᠣᠯᠵᠣ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠬᠢᠭᠡᠳ ᠠᠵᠢᠯ ᠡᠷᠢᠭᠰᠡᠳ ᠤᠨ ᠠᠵᠢᠯ ᠤᠯᠬᠤ ᠬᠦᠰᠡᠯ ᠡᠷᠡᠮᠡᠯᠵᠡᠯ ᠲᠠᠢ ᠥᠨᠳᠥᠷ ᠪᠦᠲᠦᠮᠵᠢᠲᠡᠶ ᠵᠣᠬᠢᠴᠠᠯᠳᠤᠬᠤ ᠶᠢ ᠪᠡᠶᠡᠯᠡᠭᠦᠯᠪᠡ᠃
     ᠢᠦᠶ ᠴᠢᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠴᠠᠩ ᠶᠦᠨ ᠹᠸᠢ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠯᠠᠭ᠎ᠠ ᠨᠢ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠪᠠᠷ ᠵᠢᠯᠣᠭᠤᠳᠣᠯᠭ᠎ᠠ ᠪᠣᠯᠭᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠢᠯᠴᠢᠨ ᠬᠡᠷᠡᠭᠯᠡᠬᠦ ᠶᠢ ᠪᠠᠲᠤᠯᠠᠬᠤ᠂ ᠬᠥᠭᠵᠢᠯᠲᠡ ᠶᠢ ᠠᠬᠢᠭᠤᠯᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠬᠦ᠂ ᠨᠠᠷᠢᠯᠢᠭ ᠣᠨᠣᠴᠠᠲᠠᠶ ᠪᠠᠷ ᠦᠢᠯᠡᠴᠢᠯᠡᠬᠦ ᠪᠠᠷ ᠳᠠᠮᠵᠢᠭᠤᠯᠤᠨ᠂ ᠭᠤᠤᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠦᠨ᠎ᠡ ᠭᠡᠵᠡᠶ᠃ ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠬᠢᠨ ︽ᠢᠦᠢ ᠴᠢᠤᠸᠠᠨ ᠦᠢᠯᠡᠴᠢᠯᠡᠭᠡ︾ ᠶᠢᠨ ᠨᠡᠷᠡᠲᠦ ᠲᠦᠷᠦᠯ ᠲᠡᠮᠳᠡᠭᠲᠦ ᠶᠢ ᠦᠷᠭᠦᠯᠵᠢᠯᠡᠨ ᠰᠢᠯᠢᠳᠡᠭᠵᠢᠭᠦᠯᠵᠦ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ᠂ ᠤᠷ᠎ᠠ ᠴᠢᠳᠠᠪᠤᠷᠢ ᠶᠢᠨ ᠪᠣᠯᠪᠠᠰᠤᠷᠠᠯ ᠵᠢᠴᠢ ᠦᠢᠯᠡᠰ ᠪᠤᠰᠬᠠᠬᠤ ᠶᠢ ᠲᠡᠳᠬᠦᠬᠦ ᠶᠢ ᠪᠠᠶᠢᠩᠭᠤᠵᠢᠭᠤᠯᠤᠨ ᠥᠷᠨᠢᠭᠦᠯᠵᠦ᠂ ᠠᠵᠢᠯ ᠣᠯᠭᠤᠯᠲᠠ ᠶᠢᠨ ᠪᠠᠲᠤᠯᠠᠭ᠎ᠠ ᠶᠢᠨ ᠲᠣᠣᠷ ᠢ ᠨᠢᠭᠲᠠ ᠪᠥᠭᠡᠳ ᠪᠠᠲᠤ ᠰᠦᠯᠵᠢᠵᠦ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号