ᠢᠦᠢ ᠴᠢᠤᠸᠠᠨ ᠲᠣᠭᠤᠷᠢᠭ ᠳᠡᠭᠡᠳᠦ ᠰᠤᠷᠭᠠᠭᠤᠯᠢ ᠳᠤ ᠭᠦᠨᠵᠡᠭᠡᠶᠢᠷᠡᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠪᠣᠯᠪᠠᠰᠤᠷᠠᠯ ᠢ ᠥᠷᠨᠢᠭᠦᠯᠵᠦ ᠰᠤᠷᠭᠠᠭᠤᠯᠢ ᠡᠬᠢᠯᠡᠬᠦ ᠤᠯᠠᠷᠢᠯ ᠳᠤ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠳᠤ ︽ᠤᠷᠢᠳᠴᠢᠯᠠᠨ ᠰᠡᠷᠭᠡᠶᠢᠯᠡᠬᠦ ᠵᠡᠭᠦᠦ︾ ᠶᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2025/2/20
     ᠰᠤᠷᠭᠠᠭᠤᠯᠢ ᠡᠬᠢᠯᠡᠬᠦ ᠭᠡᠵᠦ ᠪᠠᠶᠢᠭ᠎ᠠ ᠦᠶ᠎ᠡ ᠳᠤ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠳ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠬᠦᠷᠴᠦ᠂ ᠰᠤᠷᠭᠠᠭᠤᠯᠢ ᠶᠢᠨ ᠢᠳᠡᠭᠡᠨ ᠤ ᠠᠵᠢᠯ ᠡᠷᠭᠢᠯᠡᠭᠰᠡᠳ ᠲᠤ ᠨᠢᠭᠡ ᠤᠳᠠᠭᠠᠨ ᠤ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠪᠣᠯᠪᠠᠰᠤᠷᠠᠯ ᠬᠦᠷᠲᠡᠭᠡᠵᠦ᠂ ᠰᠤᠷᠭᠠᠭᠤᠯᠢ ᠡᠬᠢᠯᠡᠬᠦ ᠤᠯᠠᠷᠢᠯ ᠳᠤ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠳᠤ ︽ᠤᠷᠢᠳᠴᠢᠯᠠᠨ ᠰᠡᠷᠭᠡᠶᠢᠯᠡᠬᠦ ᠵᠡᠭᠦᠦ︾ ᠶᠢ ᠰᠠᠶᠢᠲᠤᠷ ᠬᠢᠵᠦ᠂ ᠥᠷᠭᠡᠨ ᠣᠯᠠᠨ ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠪᠠ᠃
     ᠬᠠᠤᠯᠢ ᠬᠡᠷᠡᠭᠵᠢᠭᠦᠯᠬᠦ ᠠᠵᠢᠯᠲᠠᠨ ︽ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ︾᠂ ︽ᠠᠵᠤ ᠠᠬᠤᠶᠢᠯᠠᠯ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠤᠷᠢᠨ ᠳᠤ᠂ ᠭᠤᠤᠯᠳᠠᠭᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ᠂ ᠢᠳᠡᠭᠡᠨ ᠤ ᠠᠮᠤᠷ ᠲᠦᠪᠰᠢᠨ ᠤ ᠠᠵᠢᠯᠯᠠᠭ᠎ᠠ ᠶᠢ ᠵᠢᠷᠤᠮᠵᠢᠭᠤᠯᠤᠨ ᠨᠠᠶᠢᠳᠠᠪᠤᠷᠢᠵᠢᠭᠤᠯᠬᠤ᠂ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠭᠤᠷᠪᠠᠨ ᠲᠠᠯ᠎ᠠ ᠠᠴᠠ ᠰᠤᠷᠭᠠᠭᠤᠯᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠠᠵᠢᠯᠲᠠᠨ ᠤ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠯᠭᠠᠬᠤ᠂ ᠨᠡᠮᠡᠯᠲᠡ ᠡᠳ᠋ ᠤᠨ ᠬᠡᠷᠡᠭᠯᠡᠯᠲᠡ ᠬᠠᠮᠢᠶᠠᠷᠤᠯᠲᠠ᠂ ᠡᠵᠡᠩᠨᠡᠯᠲᠡ ᠶᠢᠨ ᠶᠠᠪᠤᠴᠠ ᠶᠢᠨ ᠡᠵᠡᠮᠳᠡᠯ ᠢ ᠬᠡᠷᠡᠭᠵᠢᠭᠦᠯᠬᠦ᠂ ᠳᠦᠷᠢᠮᠵᠢᠭᠦᠯᠦᠭᠰᠡᠨ ᠡᠳ᠋ᠰᠢᠭᠦᠯᠦᠨ ᠦᠢᠯᠡᠳᠬᠦ ᠦᠢᠯᠡ ᠠᠵᠢᠯᠯᠠᠭ᠎ᠠ᠂ ᠥᠯᠢᠭᠡᠷ ᠬᠡᠪ ᠦᠯᠡᠳᠡᠭᠡᠵᠦ ᠬᠠᠮᠢᠶᠠᠷᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠪᠠ᠃
     ᠡᠭᠦᠨ ᠠᠴᠠ ᠭᠠᠳᠠᠨ᠎ᠠ᠂ 2024 ᠣᠨ ᠤ 11 ᠳ᠋ᠤᠭᠡᠷ ᠰᠠᠷ᠎ᠠ ᠶᠢᠨ 13 ᠤ ᠡᠳᠦᠷ ᠨᠡᠶᠢᠲᠡᠯᠡᠭᠰᠡᠨ ︽ᠰᠤᠷᠭᠠᠭᠤᠯᠢ ᠶᠢᠨ ᠬᠤᠭᠤᠯᠠᠨ ᠬᠡᠷ ᠪᠠ ᠰᠤᠷᠭᠠᠭᠤᠯᠢ ᠶᠢᠨ ᠭᠠᠳᠠᠨᠠᠬᠢ ᠬᠤᠭᠤᠯᠠ ᠬᠠᠩᠭᠠᠬᠤ ᠨᠢᠭᠡᠴᠢ ᠶᠢᠨ ᠳᠠᠬᠢᠨ ᠬᠡᠷᠡᠭᠯᠡᠬᠦ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠠᠵᠢᠯ ᠤᠨ ᠵᠢᠯᠣᠭᠤᠳᠤᠮᠵᠢ︾ ᠶᠢ ᠭᠤᠤᠯᠳᠠᠯᠭ᠎ᠠ ᠲᠠᠢ ᠲᠠᠶᠢᠯᠪᠤᠷᠢᠯᠠᠵᠤ᠂ ᠰᠤᠷᠭᠠᠭᠤᠯᠢ ᠶᠢ ᠵᠢᠯᠣᠭᠤᠳᠤᠨ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠶᠠᠪᠤᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠰᠤᠷᠭᠠᠭᠤᠯᠢ ᠶᠢᠨ ᠬᠢᠨ ᠢ ᠡᠷᠬᠡᠪᠰᠢ ᠰᠤᠷᠭᠠᠭᠤᠯᠢ ᠶᠢᠨ ᠲᠠᠯ᠎ᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠮᠲᠤ ᠬᠤᠭᠤᠯᠠᠯᠠᠬᠤ ᠲᠦᠷᠢᠮ ᠢ ᠪᠠᠶᠢᠭᠤᠯᠤᠨ᠂ ︽ᠡᠳᠦᠷ ᠤᠨ ᠬᠠᠮᠢᠶᠠᠷᠤᠯᠲᠠ ᠡᠵᠡᠮᠳᠡᠯ᠂ ᠭᠠᠷᠠᠭ ᠤᠨ ᠵᠢᠭᠰᠠᠭᠠᠨ ᠪᠠᠶᠢᠴᠠᠭᠠᠯᠲᠠ᠂ ᠰᠠᠷ᠎ᠠ ᠶᠢᠨ ᠲᠣᠬᠢᠷᠠᠭᠤᠯᠤᠯᠲᠠ︾ ᠶᠢᠨ ᠠᠵᠢᠯ ᠢ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠤᠯᠠᠮ ᠨᠢᠭᠡ ᠠᠯᠬᠤᠮ ᠰᠡᠷᠭᠡᠶᠢᠯᠡᠵᠦ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠲᠣᠰ ᠤᠳᠠᠭ᠎ᠠ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ 200 ᠭᠠᠷᠤᠶ ᠠᠵᠢᠯ ᠡᠷᠭᠢᠯᠡᠭᠰᠡᠳ ᠲᠤ ᠪᠤᠯᠪᠠᠰᠤᠷᠠᠯ ᠬᠢᠬᠦ ᠪᠠᠷ ᠳᠠᠮᠵᠢᠭᠤᠯᠤᠨ᠂ ᠰᠤᠷᠭᠠᠭᠤᠯᠢ ᠶᠢᠨ ᠠᠵᠢᠯ ᠡᠷᠭᠢᠯᠡᠭᠰᠡᠳ ᠤᠨ ᠬᠡᠪ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ ᠠᠵᠢᠯ ᠡᠷᠭᠢᠯᠡᠭᠰᠡᠳ ᠤᠨ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠷᠠᠭᠤᠯᠤᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号