ᠢᠦᠢ ᠴᠢᠤᠸᠠᠨ ᠲᠤᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠦᠪ᠄ ᠬᠤᠲᠠ ᠶᠢᠨ ᠭᠡᠷ ᠤᠨ ᠬᠡᠷᠡᠭᠰᠡᠯ ᠢ ᠶᠡᠬᠡᠪᠡᠷ ᠤᠬᠢᠶᠠᠵᠤ ᠴᠡᠪᠡᠷᠯᠡᠬᠦ ᠲᠤᠰᠬᠠᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/2/20
     ᠬᠤᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠨᠢᠭᠡ ᠠᠯᠬᠤᠮ  ᠳᠡᠭᠡᠭᠰᠢᠯᠡᠭᠦᠯᠵᠦ᠂ ᠥᠷᠭᠡᠨ ᠣᠯᠠᠨ ᠬᠤᠲᠠ ᠶᠢᠨ ᠠᠷᠠᠳ ᠲᠤ ᠴᠡᠪᠡᠷ ᠴᠡᠮᠴᠡᠭᠡᠷ᠂ ᠲᠠᠭᠠᠯᠠᠮᠵᠢᠲᠠᠶ ᠠᠮᠢᠳᠤᠷᠠᠯ ᠤᠨ ᠣᠷᠴᠢᠨ ᠨᠦᠬᠦᠴᠡᠯ ᠢ ᠪᠣᠶ ᠪᠣᠯᠭᠠᠵᠤ ᠦᠭᠬᠦ ᠶᠢᠨ ᠲᠦᠯᠦᠭᠡ᠂ ᠤᠶᠢᠷ᠎ᠠ ᠶᠢᠨ ᠬᠤᠭᠤᠴᠠᠭᠠᠨ ᠳᠤ᠂ ᠢᠦᠢ ᠴᠢᠤᠸᠠᠨ ᠲᠤᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠦᠪ ᠬᠤᠲᠠ ᠶᠢᠨ ᠭᠡᠷ ᠤᠨ ᠬᠡᠷᠡᠭᠰᠡᠯ ᠢ ᠶᠡᠬᠡᠪᠡᠷ ᠤᠬᠢᠶᠠᠵᠤ ᠴᠡᠪᠡᠷᠯᠡᠬᠦ ᠲᠤᠰᠬᠠᠢ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠬᠠᠷᠢᠶ᠎ᠠ ᠣᠷᠣᠨ ᠤ ᠪᠠᠨ ᠡᠯ᠎ᠡ ᠲᠥᠷᠥᠯ ᠤᠨ ᠬᠤᠲᠠ ᠶᠢᠨ ᠭᠡᠷ ᠤᠨ ᠬᠡᠷᠡᠭᠰᠡᠯ ᠳᠤ ᠭᠤᠤᠯᠳᠠᠯᠭ᠎ᠠ ᠲᠠᠢ ᠴᠢᠭᠯᠡᠭᠦᠯᠵᠦ᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡ᠂ ᠵᠠᠮ ᠬᠠᠷᠢᠯᠴᠠᠭᠠᠨ ᠤ ᠬᠠᠯᠬᠠᠪᠴᠢ ᠬᠡᠷᠡᠰᠬᠡ᠂ ᠬᠤᠭ ᠨᠤᠪᠰᠢ ᠶᠢᠨ ᠬᠠᠶᠢᠷᠴᠠᠭ᠂ ᠪᠣᠷᠣᠭᠠᠨ ᠤ ᠤᠰᠤᠨ ᠤ ᠱᠦᠬᠦᠷ᠂ ᠱᠤᠭᠤᠮᠠᠯ ᠵᠡᠷᠭᠡ ᠶᠢ ᠪᠠᠭᠲᠠᠭᠠᠵᠤ᠂ ᠭᠬᠢᠷ ᠪᠤᠷᠲᠠᠭ ᠢ ᠪᠥᠬᠦ ᠲᠠᠯ᠎ᠠ ᠪᠠᠷ ᠠᠷᠢᠯᠭᠠᠵᠤ᠂ ᠬᠤᠲᠠ ᠶᠢᠨ ᠭᠡᠷ ᠤᠨ ᠬᠡᠷᠡᠭᠰᠡᠯ ᠤᠨ ᠴᠡᠪᠡᠷ ᠲᠡᠭᠰᠢ ᠳᠦᠷᠰᠦ ᠪᠠᠶᠢᠳᠠᠯ ᠢ ᠰᠡᠷᠭᠦᠭᠡᠬᠦ ᠪᠠᠷ ᠴᠢᠷᠮᠠᠶᠢᠪᠠ᠃
     ᠠᠵᠢᠯᠯᠠᠭ᠎ᠠ ᠶᠢᠨ ᠶᠠᠪᠤᠴᠠ ᠳᠤ᠂ ᠢᠦᠶ ᠴᠢᠤᠸᠠᠨ ᠲᠤᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠦᠪ ᠠᠷᠢᠭᠤᠨ ᠴᠡᠪᠡᠷ ᠤᠨ ᠠᠵᠢᠯᠲᠠᠨ ᠪᠠ ᠲᠥᠬᠦᠭᠡᠷᠦᠮᠵᠢ ᠶᠢ ᠵᠦᠶ ᠵᠣᠬᠢᠰᠲᠠᠶ ᠳᠣᠭᠢᠷᠠᠭᠤᠯᠵᠤ᠂ ᠬᠥᠮᠦᠨ ᠪᠠ ᠮᠠᠰᠢᠨ ᠢ ᠤᠶᠠᠯᠳᠤᠭᠤᠯᠤᠭᠰᠠᠨ ᠤᠬᠢᠶᠠᠵᠤ ᠴᠡᠪᠡᠷᠯᠡᠬᠦ ᠵᠠᠭᠪᠤᠷ ᠢ ᠬᠡᠷᠡᠭᠯᠡᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠣᠯᠠᠨ ᠵᠦᠢᠯ ᠤᠨ ᠪᠠᠭᠠᠵᠢ ᠶᠢ ᠠᠰᠢᠭᠯᠠᠨ᠂ ᠬᠤᠲᠠ ᠶᠢᠨ ᠬᠡᠷ ᠤᠨ ᠬᠡᠷᠡᠭᠰᠡᠯ ᠢ ᠨᠠᠷᠢᠨ ᠨᠢᠮᠪᠠᠶ ᠤᠬᠢᠶᠠᠨ ᠴᠡᠪᠡᠷᠯᠡᠵᠦ ᠠᠷᠴᠢᠪᠠ︔ ᠬᠡᠷᠡᠰᠬᠡ ᠶᠢ ᠴᠡᠪᠡᠷᠯᠡᠨ ᠤᠬᠢᠶᠠᠬᠤ ᠲᠡᠷᠭᠡ ᠵᠡᠷᠭᠡ ᠮᠠᠰᠢᠨᠴᠢᠯᠠᠭᠰᠠᠨ ᠴᠡᠪᠡᠷᠯᠡᠨ ᠠᠷᠢᠯᠭᠠᠬᠤ ᠲᠡᠷᠭᠡ ᠬᠥᠰᠬᠡ ᠶᠢ ᠬᠠᠮᠵᠢᠯᠴᠠᠨ ᠠᠵᠢᠯᠯᠠᠭᠤᠯᠵᠤ᠂ ᠤᠬᠢᠶᠠᠵᠤ ᠴᠡᠪᠡᠷᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠡᠭᠦᠨ ᠤ ᠬᠠᠮᠲᠤ᠂ ᠠᠳᠠᠯᠢ ᠪᠤᠰᠤ ᠮᠠᠲ᠋ᠧᠷᠢᠶᠠᠯ ᠤᠨ ᠴᠢᠨᠠᠷ ᠪᠠ ᠪᠣᠬᠢᠷᠲᠤᠯ ᠤᠨ ᠬᠡᠮᠵᠢᠶ᠎ᠡ ᠪᠦᠬᠦᠢ ᠬᠤᠲᠠ ᠶᠢᠨ ᠭᠡᠷ ᠤᠨ ᠬᠡᠷᠡᠭᠰᠡᠯ ᠤᠨ ᠪᠠᠶᠢᠳᠠᠯ ᠳᠤ ᠴᠢᠭᠯᠡᠭᠦᠯᠦᠨ᠂ ᠠᠳᠠᠯᠢ ᠪᠤᠰᠤ ᠤᠬᠢᠶᠠᠵᠤ ᠴᠡᠪᠡᠷᠯᠡᠬᠦ ᠲᠥᠰᠦᠯ ᠢ ᠲᠣᠭᠲᠠᠭᠠᠵᠤ᠂ ᠤᠬᠢᠶᠠᠵᠤ ᠴᠡᠪᠡᠷᠯᠡᠬᠦ ᠦᠷ᠎ᠡ ᠪᠦᠲᠦᠮᠵᠢ ᠶᠢ ᠪᠠᠲᠤᠯᠠᠬᠤ ᠶᠢᠨ ᠬᠠᠮᠲᠤ ᠬᠤᠲᠠ ᠶᠢᠨ ᠭᠡᠷ ᠤᠨ ᠬᠡᠷᠡᠭᠰᠡᠯ ᠤᠨ ᠤᠭ ᠳᠦᠷᠰᠦ ᠪᠠᠶᠢᠳᠠᠯ ᠢ ᠬᠠᠮᠠᠭᠠᠯᠠᠬᠤ ᠬᠡᠷᠡᠭᠲᠡᠶ᠃
     ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠤᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠦᠪ ᠠᠵᠢᠯ ᠤᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠠᠵᠢᠯ ᠤᠨ ᠠᠷᠭ᠎ᠠ ᠪᠠ ᠵᠠᠭᠪᠤᠷ ᠢᠶᠠᠨ ᠲᠠᠰᠤᠷᠠᠯᠲᠠ ᠥᠬᠡᠶ ᠰᠢᠯᠢᠳᠡᠭᠵᠢᠭᠦᠯᠦᠨ᠂ ᠤᠬᠢᠶᠠᠵᠤ ᠴᠡᠪᠡᠷᠯᠡᠬᠦ ᠶᠠᠰᠤ ᠴᠢᠨᠠᠷ ᠪᠠ ᠦᠷ᠎ᠡ ᠪᠦᠲᠦᠮᠵᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠨᠠᠩ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠵᠠᠭᠪᠤᠷ ᠢ ᠢᠳᠡᠪᠬᠢᠲᠡᠶ ᠭᠦᠨᠵᠡᠭᠡᠶᠢᠷᠡᠭᠦᠯᠵᠦ᠂ ᠬᠥᠮᠦᠨ ᠤ ᠬᠦᠴᠦᠨ ᠪᠣᠳᠠᠰ ᠤᠨ ᠬᠦᠴᠦᠨ ᠢ ᠵᠦᠶ ᠵᠣᠬᠢᠰᠲᠠᠶ ᠳᠣᠭᠢᠷᠠᠭᠤᠯᠤᠨ᠂ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠤᠲᠠ ᠶᠢ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃
          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号