ᠰᠤᠷᠭᠠᠭᠤᠯᠢ ᠡᠬᠢᠯᠡᠬᠦ ᠴᠠᠭ ᠬᠦᠷᠴᠦ ᠢᠷᠡᠬᠦ ᠶᠢ ᠳᠠᠭᠠᠯᠳᠤᠨ᠂ ᠰᠣᠷᠣᠬᠴᠢ ᠵᠢᠴᠢ ᠭᠡᠷ ᠤᠨ ᠠᠬᠠᠮᠠᠳ ᠲᠤ | ᠬᠠᠨᠳᠤᠭᠤᠯᠤᠭᠰᠠᠨ ᠮᠡᠬᠡᠯᠡᠯ ᠣᠯᠠᠨ ᠡᠭᠦᠰᠬᠦ ᠪᠣᠯᠣᠨ᠎ᠠ᠃ ᠴᠠᠭᠳᠠᠭᠠᠨ ᠤ ᠲᠠᠯ᠎ᠠ ᠶᠢᠨ ᠬᠢᠨ᠂ ᠬᠠᠪᠰᠤᠷᠤᠨ | ᠵᠢᠯᠤᠭᠤᠳᠬᠤ ᠠᠩᠭᠢ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ ᠥᠨᠳᠥᠷ ᠴᠠᠯᠢᠩ ᠲᠠᠢ ᠠᠵᠢᠯ᠂ | ᠲᠣᠭᠯᠠᠭᠠᠮ ᠤᠨ ᠲᠠᠩᠰᠠᠨ ᠨᠣᠮᠧᠷ ᠤᠨ ᠬᠤᠳᠠᠯᠳᠤᠭ᠎ᠠ ᠵᠡᠷᠭᠡ ᠳᠤ ᠬᠤᠯᠪᠣᠭᠳᠠᠭᠰᠠᠨ ᠮᠡᠬᠡᠯᠡᠯ ᠢ ᠰᠡᠷᠡᠮᠵᠢᠯᠡᠵᠦ᠂ | ᠵᠣᠭᠤᠰ ᠮᠥᠩᠭᠦ ᠥᠭᠬᠦ ᠳᠡᠭᠡᠨ ᠤᠷᠢᠳ ᠢᠶᠠᠷ ᠬᠢᠨᠠᠨ ᠬᠠᠷᠭᠤᠭᠤᠯᠵᠤ᠂ ᠵᠠᠷᠢᠮ ᠮᠡᠬᠡᠯᠡᠯ ᠤᠨ ᠤᠨᠠᠭᠤᠯᠢ ᠳᠤ | ᠤᠨᠠᠬᠤ ᠠᠴᠠ ᠬᠢᠴᠢᠶᠡᠭᠡᠷᠡᠢ ᠭᠡᠵᠦ ᠥᠷᠭᠡᠨ ᠣᠯᠠᠨ ᠭᠡᠷ ᠤᠨ ᠠᠬᠠᠮᠠᠳ ᠪᠣᠯᠣᠨ ᠰᠤᠷᠤᠬᠴᠢᠳ ᠲᠤ ᠰᠠᠨᠠᠭᠤᠯᠪᠠ᠃ | ᠲᠢᠶᠠᠨᠵᠢᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠲᠠᠩᠨᠠᠨ | ᠪᠠᠶᠢᠴᠠᠭᠠᠬᠤ ᠶᠡᠷᠦᠩᠬᠡᠢ ᠠᠩᠭᠢ ᠶᠢᠨ ᠳᠥᠷᠪᠡᠳᠦᠭᠡᠷ ᠰᠠᠯᠪᠤᠷᠢ ᠠᠩᠭᠢ ᠶᠢᠨ ᠭᠤᠷᠪᠠᠳᠤᠭᠠᠷ ᠶᠡᠭᠡ ᠠᠩᠭᠢ ᠶᠢᠨ ᠳᠡᠳ᠋ | ᠳᠠᠷᠤᠭ᠎ᠠ ᠯᠢ ᠵᠢᠶᠠ ᠯᠦ ᠶᠢᠨ ᠰᠠᠨᠠᠭᠤᠯᠤᠭᠰᠠᠨ ᠢᠶᠠᠷ᠂ ᠰᠤᠷᠭᠠᠭᠤᠯᠢ ᠡᠬᠢᠯᠡᠬᠦ ᠴᠠᠭ ᠪᠣᠯᠵᠤ ᠢᠷᠡᠪᠡᠯ | ᠮᠡᠬᠡᠯᠡᠭᠴᠢᠳ ᠤᠨ ︽ᠪᠠᠰᠢᠷ︾ ᠲᠠᠰᠤᠷᠠᠯᠲᠠ ᠦᠭᠡᠢ ᠭᠠᠷᠴᠤ ᠢᠷᠡᠳᠡᠭ᠃ ᠵᠢᠱᠢᠶᠡᠯᠡᠪᠡᠯ᠂ ᠨᠡᠯᠢᠶᠡᠳ ᠣᠯᠠᠨ | ᠡᠭᠦᠰᠳᠡᠭ ᠬᠠᠪᠰᠤᠷᠤᠨ ᠵᠢᠯᠤᠭᠤᠳᠬᠤ ᠠᠩᠭᠢ ᠶᠢᠨ ᠲᠤᠬᠠᠢ ᠮᠡᠬᠡᠯᠡᠯ ᠳᠤ᠂ ᠮᠡᠬᠡᠯᠡᠭᠴᠢ ᠬᠠᠪᠰᠤᠷᠤᠨ ᠵᠢᠯᠤᠭᠤᠳᠬᠤ | ᠪᠠᠶᠢᠭᠤᠯᠤᠮᠵᠢ ᠶᠢᠨ ᠠᠵᠢᠯᠲᠠᠨ ᠪᠤᠶᠤ ᠰᠣᠷᠣᠬᠴᠢ ᠪᠠᠷ ᠣᠪᠯᠠᠵᠤ᠂ ᠰᠣᠷᠣᠬᠴᠢ ᠶᠢᠨ ᠭᠡᠷ ᠤᠨ ᠠᠬᠠᠮᠠᠳ ᠲᠠᠢ | ᠬᠠᠷᠢᠯᠴᠠᠵᠤ᠂ ᠰᠣᠷᠣᠬᠴᠢ ᠶᠢ ᠬᠠᠪᠰᠤᠷᠤᠨ ᠵᠢᠯᠤᠭᠤᠳᠬᠤ ᠠᠩᠭᠢ ᠳᠤ ᠰᠤᠷᠤᠯᠴᠠᠬᠤ ᠴᠢᠬᠤᠯᠠᠲᠠᠢ ᠬᠡᠮᠡᠨ ᠬᠤᠳᠠᠯ | ᠬᠡᠯᠡᠵᠦ᠂ ᠭᠡᠷ ᠤᠨ ᠠᠬᠠᠮᠠᠳ ᠢ ᠰᠦᠢᠳᠬᠡᠯ ᠲᠤᠰᠢᠶᠠᠬᠤ ᠬᠡᠷᠡᠭᠲᠡᠢ ᠭᠡᠵᠦ ᠱᠠᠭᠠᠷᠳᠠᠳᠠᠭ᠃ ᠮᠡᠬᠡᠯᠡᠭᠴᠢ ︽ᠰᠤᠷᠤᠬᠴᠢ | ᠡᠯᠰᠡᠬᠦ ᠣᠷᠣᠨ ᠲᠤᠭ᠎ᠠ ᠬᠢᠵᠠᠭᠠᠷ ᠲᠠᠢ︾᠂ ︽ᠨᠡᠷ᠎ᠡ ᠮᠡᠳᠡᠭᠦᠯᠬᠦ ᠴᠠᠭ ᠥᠩᠭᠡᠷᠡᠬᠦ ᠪᠣᠯᠣᠯ᠎ᠠ︾ ᠵᠡᠷᠭᠡ ᠰᠢᠯᠲᠠᠭ ᠢᠶᠠᠷ | ᠭᠡᠷ ᠤᠨ ᠠᠬᠠᠮᠠᠳ ᠢ ᠰᠠᠨᠳᠤᠷᠤᠭᠤᠯᠤᠨ᠂ ᠬᠢᠨᠠᠨ ᠬᠠᠷᠭᠤᠭᠤᠯᠬᠤ ᠵᠠᠪ ᠦᠭᠡᠢ ᠪᠤᠯᠭᠠᠬᠤ ᠶᠢᠨ ᠵᠡᠷᠭᠡ ᠪᠠᠷ ᠮᠡᠬᠡᠯᠡᠳᠡᠭ᠃ | ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠮᠡᠬᠡᠯᠡᠯ ᠤᠨ ᠠᠵᠢᠯᠯᠠᠭ᠎ᠠ ᠳᠤ ᠮᠡᠬᠡᠯᠡᠭᠴᠢ ᠰᠤᠷᠭᠠᠭᠤᠯᠢ ᠪᠤᠶᠤ | ᠰᠤᠷᠭᠠᠨ ᠬᠥᠮᠦᠵᠢᠯ ᠤᠨ ᠲᠣᠪᠴᠢᠶᠠᠨ ᠤ ᠠᠵᠢᠯᠲᠠᠨ ᠢᠶᠠᠷ ᠣᠪᠯᠠᠵᠤ᠂ ᠰᠤᠷᠤᠯᠭ᠎ᠠ ᠶᠢᠨ ᠲᠡᠳᠬᠦᠮᠵᠢ ᠶᠢᠨ | ᠮᠥᠩᠭᠦ ᠶᠢᠨ ᠣᠷᠣᠨ ᠲᠤᠭ᠎ᠠ ᠲᠠᠢ᠂ ᠮᠡᠳᠡᠭᠡ ᠵᠠᠩᠭᠢ ᠪᠠᠨ ᠬᠠᠩᠭᠠᠵᠤ ᠬᠠᠮᠢᠶ᠎ᠠ ᠪᠦᠬᠦᠢ ᠭᠠᠷᠳᠠᠮ ᠢ ᠭᠦᠢᠴᠡᠳᠬᠡᠪᠡᠯ | ᠳᠠᠷᠤᠢ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠭᠡᠷ ᠤᠨ ᠠᠬᠠᠮᠠᠳ ᠤᠨ ᠪᠠᠩᠬᠢ ᠶᠢᠨ ᠲᠠᠩᠰᠠᠨ ᠡᠷᠦᠭᠡ ᠳᠤ | ᠣᠷᠣᠭᠤᠯᠵᠤ ᠪᠣᠯᠣᠨ᠎ᠠ ᠭᠡᠵᠦ ᠬᠤᠳᠠᠯ ᠬᠡᠯᠡᠳᠡᠭ᠃ ᠲᠡᠭᠡᠭᠡᠳ ᠭᠡᠷ ᠤᠨ ᠠᠬᠠᠮᠠᠳ ᠤᠨ ᠮᠡᠳᠡᠭᠡ ᠵᠠᠩᠭᠢ ᠶᠢ ᠨᠢ | ᠮᠡᠬᠡᠯᠡᠨ ᠠᠪᠤᠭᠰᠠᠨ ᠤ ᠳᠠᠷᠠᠭ᠎ᠠ᠂ ᠮᠡᠬᠡᠯᠡᠭᠴᠢ ︽ᠬᠤᠯᠪᠣᠭᠳᠠᠯ ᠪᠦᠬᠦᠢ ᠰᠦᠢᠳᠬᠡᠯ ᠲᠤᠰᠢᠶᠠᠪᠠᠯ ᠰᠠᠶ᠋ᠢ | ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠵᠤ ᠪᠣᠯᠣᠨ᠎ᠠ︾ ᠭᠡᠳᠡᠭ ᠢᠶᠠᠷ ᠰᠢᠯᠲᠠᠭ ᠪᠤᠯᠭᠠᠵᠤ᠂ ᠭᠡᠷ ᠤᠨ | ᠠᠬᠠᠮᠠᠳ ᠢ ᠵᠣᠭᠤᠰ ᠰᠢᠯᠵᠢᠭᠦᠯᠬᠦ ᠪᠠᠷ ᠱᠠᠭᠠᠷᠳᠠᠨ᠎ᠠ᠃ | ᠵᠠᠬᠢᠶᠠᠯᠠᠭ᠎ᠠ ᠵᠠᠬᠢᠶᠠᠯᠠᠬᠤ᠂ ᠲᠣᠭᠯᠠᠭᠠᠮ ᠤᠨ ᠲᠠᠩᠰᠠᠨ ᠨᠣᠮᠧᠷ ᠤᠨ ᠮᠡᠬᠡᠯᠡᠯ ᠨᠢ ᠰᠤᠷᠭᠠᠭᠤᠯᠢ ᠡᠬᠢᠯᠡᠬᠦ | ᠦᠶ᠎ᠡ ᠳᠤ ᠶᠡᠭᠡ ᠰᠤᠷᠭᠠᠭᠤᠯᠢ ᠶᠢᠨ ᠬᠦᠷᠢᠶᠡᠨ ᠳᠤ ᠤᠯᠠᠨ ᠡᠭᠦᠰᠳᠡᠭ᠃ ᠬᠠᠤᠯᠢ ᠪᠤᠰᠤ ᠡᠲᠡᠭᠡᠳ ᠥᠨᠳᠥᠷ | ᠴᠠᠯᠢᠩ ᠢᠶᠠᠷ ᠰᠤᠷᠤᠬᠴᠢᠳ ᠢ ᠥᠳᠥᠭᠡᠨ ᠲᠠᠲᠠᠵᠤ ᠰᠦᠯᠵᠢᠶᠡᠨ ᠳᠡᠭᠡᠷ᠎ᠡ ᠵᠠᠬᠢᠶᠠᠯᠠᠭ᠎ᠠ ᠠᠪᠤᠭᠤᠯᠵᠤ᠂ ᠤᠷᠢᠳ ᠢᠶᠠᠷ | ᠵᠢᠭᠠᠬᠠᠨ ᠠᠰᠢᠭ ᠣᠯᠭᠤᠵᠤ᠂ ᠰᠤᠷᠤᠬᠴᠢᠳ ᠶᠡᠭᠡ ᠬᠡᠮᠵᠢᠶᠡᠨ ᠤ ᠪᠡᠯᠡ ᠮᠥᠩᠭᠦ ᠣᠷᠣᠭᠤᠯᠤᠭᠰᠠᠨ ᠤ ᠳᠠᠷᠠᠭ᠎ᠠ᠂ | ᠡᠯᠳᠡᠪ ᠵᠦᠢᠯ ᠤᠨ ᠰᠢᠯᠲᠠᠭ ᠢᠶᠠᠷ ᠴᠠᠯᠢᠩ ᠣᠯᠭᠤᠮᠵᠢ ᠶᠢ ᠨᠢ ᠥᠭᠬᠦ ᠦᠭᠡᠢ ᠪᠣᠯᠵᠤ ᠪᠡᠷ᠎ᠡ ᠰᠤᠷᠠᠭ ᠲᠠᠰᠤᠷᠠᠳᠠᠭ᠃ | ᠵᠠᠷᠢᠮ ᠮᠡᠬᠡᠯᠡᠭᠴᠢ ᠲᠣᠭᠯᠠᠭᠠᠮ ᠤᠨ ᠲᠠᠪᠴᠠᠩ ᠪᠤᠶᠤ ᠨᠡᠶᠢᠭᠡᠮ ᠤᠨ ᠬᠠᠷᠢᠯᠴᠠᠭᠠᠨ ᠤ ᠲᠠᠪᠴᠠᠩ ᠳᠡᠭᠡᠷ᠎ᠡ | ᠲᠣᠭᠯᠠᠭᠠᠮ ᠤᠨ ᠲᠠᠩᠰᠠᠨ ᠨᠣᠮᠧᠷ ᠬᠤᠳᠠᠯᠳᠤᠨ ᠠᠪᠬᠤ ᠵᠠᠷ ᠨᠡᠶᠢᠲᠡᠯᠡᠵᠦ᠂ ᠬᠥᠮᠥᠰ ᠢ ᠱᠠᠭᠠᠷᠳᠠᠨ ᠨᠢᠭᠤᠴᠠ | ᠲᠠᠪᠴᠠᠩ ᠳᠤ ᠵᠣᠭᠤᠰ ᠥᠭᠭᠦᠭᠦᠯᠦᠭᠰᠡᠨ ᠤ ᠳᠠᠷᠠᠭ᠎ᠠ ᠲᠠᠪᠴᠠᠩ ᠠᠰᠠᠭᠤᠳᠠᠯ ᠭᠠᠷᠤᠭᠰᠠᠨ ᠵᠡᠷᠭᠡ ᠰᠢᠯᠲᠠᠭᠠᠨ ᠢᠶᠠᠷ | ᠬᠥᠮᠥᠰ ᠢ ᠨᠡᠩ ᠤᠯᠠᠨ ᠵᠣᠭᠤᠰ ᠦᠭᠭᠦᠭᠦᠯᠭᠦ ᠪᠠᠷ ᠱᠠᠭᠠᠷᠳᠠᠨ᠎ᠠ᠃ | ᠯᠢ ᠵᠢᠶᠠ ᠯᠦ᠂ ᠮᠡᠬᠡᠯᠡᠭᠴᠢ ᠪᠠᠰᠠ ᠪᠠᠭᠰᠢ ᠰᠣᠷᠣᠬᠴᠢ ᠪᠠᠷ ᠣᠪᠯᠠᠨ ᠰᠢᠨ᠎ᠡ ᠰᠣᠷᠣᠬᠴᠢ ᠶᠢᠨ ᠵᠢᠷᠭᠢᠶ᠎ᠡ | ᠬᠤᠯᠪᠤᠭ᠎ᠠ ᠳᠤ ︽ᠬᠤᠳᠬᠤᠨ ᠣᠷᠣᠵᠤ︾᠂ ᠭᠠᠷ ᠤᠲᠠᠰᠤ᠂ ᠤᠲᠠᠰᠤᠨ ᠺᠠᠷᠲ ᠵᠡᠷᠭᠡ ᠡᠳ᠋ ᠪᠣᠳᠠᠰ | ᠪᠣᠷᠣᠯᠠᠭᠤᠯᠬᠤ ᠪᠤᠶᠤ ᠪᠠᠭᠰᠢ ᠪᠠᠷ ᠣᠪᠯᠠᠨ ᠭᠡᠷ ᠤᠨ ᠠᠬᠠᠮᠠᠳ ᠲᠤ ᠬᠠᠤᠯᠢ ᠪᠤᠰᠤ ᠰᠦᠯᠵᠢᠶ᠎ᠡ ᠬᠤᠯᠪᠣᠭᠠᠰᠤ ᠪᠦᠬᠦᠢ | ᠴᠢᠮᠡᠭᠡ ᠶᠠᠪᠤᠭᠤᠯᠵᠤ᠂ ᠬᠤᠪᠢ ᠬᠥᠮᠥᠨ ᠤ ᠮᠡᠳᠡᠭᠡ ᠵᠠᠩᠭᠢ ᠶᠢ ᠬᠤᠯᠠᠭᠠᠶᠢᠯᠠᠨ ᠠᠪᠬᠤ ᠠᠴᠠ ᠰᠡᠷᠭᠡᠶᠢᠯᠡᠬᠦ ᠬᠡᠷᠡᠭᠲᠡᠢ | ᠭᠡᠪᠡ᠃ | ︽ᠡᠲᠡᠭᠡᠷ ᠪᠠᠶᠢᠳᠠᠯ ᠲᠤᠯᠭᠠᠷᠠᠪᠠᠯ᠂ ᠡᠩ ᠲᠡᠷᠢᠭᠦᠨ ᠳᠤ ᠠᠯᠪᠠᠨ ᠤ ᠲᠠᠯ᠎ᠠ ᠶᠢᠨ ᠠᠷᠭ᠎ᠠ ᠵᠠᠮ ᠢᠶᠠᠷ ᠳᠠᠮᠵᠢᠨ | ᠬᠢᠨᠠᠨ ᠬᠠᠷᠭᠤᠭᠤᠯᠬᠤ ᠬᠡᠷᠡᠭᠲᠡᠢ︾᠃ ᠯᠢ ᠵᠢᠶᠠ ᠯᠦ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ | ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢ ᠶᠡᠷᠦ ᠳᠡᠭᠡᠨ ᠰᠤᠷᠭᠠᠭᠤᠯᠢ ᠶᠢᠨ | ᠠᠯᠪᠠᠨ ᠤ ᠲᠠᠯ᠎ᠠ ᠠᠴᠠ ᠨᠡᠶᠢᠲᠡᠯᠡᠳᠡᠭ᠂ ᠠᠯᠪᠠᠨ ᠤ ᠪᠤᠰᠤ ᠮᠡᠳᠡᠭᠡ ᠵᠠᠩᠭᠢ ᠶᠢ ᠠᠮᠠᠷᠬᠠᠨ ᠢᠲᠡᠭᠡᠵᠦ ᠪᠤᠯᠬᠤ ᠦᠭᠡᠢ᠂ | ᠨᠠᠩ ᠴᠤ ᠲᠠᠨᠢᠯ ᠪᠤᠰᠤ ᠲᠠᠩᠰᠠᠨ ᠡᠷᠦᠭᠡ ᠳᠤ ᠵᠣᠭᠤᠰ ᠭᠤᠪᠢᠭᠤᠯᠵᠤ ᠪᠤᠯᠬᠤ ᠦᠭᠡᠢ᠃ ᠰᠢᠨ᠎ᠡ ᠰᠤᠷᠤᠬᠴᠢᠳ ᠤᠨ | ᠳᠤᠮᠳᠠ ᠰᠦᠢᠳᠬᠡᠯ ᠬᠤᠷᠢᠶᠠᠬᠤ ᠵᠡᠷᠭᠡ ᠶᠠᠪᠤᠳᠠᠯ ᠭᠠᠷᠪᠠᠯ᠂ ᠡᠷᠬᠡᠪᠰᠢ ᠰᠤᠷᠭᠠᠭᠤᠯᠢ ᠶᠢᠨ ᠪᠠᠭᠰᠢ ᠲᠠᠢ ᠬᠠᠷᠢᠯᠴᠠᠵᠤ | ᠬᠢᠨᠠᠨ ᠬᠠᠷᠭᠤᠭᠤᠯᠬᠤ ᠬᠡᠷᠡᠭᠲᠡᠢ᠂ ᠬᠥᠩᠭᠡᠨ ᠬᠠᠭᠤᠳᠠᠮ ᠢᠶᠠᠷ ᠪᠤᠰᠤᠳ ᠢ ᠢᠲᠡᠭᠡᠵᠦ᠂ ᠲᠣᠳᠣᠷᠬᠠᠢ ᠪᠤᠰᠤ | ᠰᠦᠯᠵᠢᠶᠡᠨ ᠤ ᠬᠤᠯᠪᠣᠭᠠᠰᠤ ᠳᠤ ᠣᠷᠣᠵᠤ ᠪᠤᠯᠬᠤ ᠦᠭᠡᠢ᠃ ᠬᠤᠪᠢ ᠬᠥᠮᠥᠨ ᠤ ᠮᠡᠳᠡᠭᠡ ᠵᠠᠩᠭᠢ ᠪᠠᠨ | ᠵᠠᠳᠠᠷᠠᠭᠤᠯᠵᠤ ᠪᠤᠯᠬᠤ ᠦᠭᠡᠢ᠂ ᠵᠣᠭᠤᠰ ᠰᠢᠯᠵᠢᠭᠦᠯᠬᠦ ᠳᠡᠭᠡᠨ ᠢᠯᠡᠭᠦᠬᠡᠨ ᠬᠢᠨᠠᠨ ᠬᠠᠷᠭᠤᠭᠤᠯᠬᠤ ᠬᠡᠷᠡᠭᠲᠡᠢ ᠭᠡᠵᠦ | ᠰᠠᠨᠠᠭᠤᠯᠪᠠ᠃ ︵ᠰᠢᠨᠬᠤᠸᠠ ᠬᠤᠷᠢᠶ᠎ᠠ ᠶᠢᠨ ᠲᠢᠶᠠᠨᠵᠢᠨ ᠤ 2 ᠰᠠᠷ᠎ᠠ ᠶᠢᠨ 16 ᠤ ᠴᠠᠭᠢᠯᠭᠠᠨ ᠮᠡᠳᠡᠭᠡ︶ |