ᠢᠦᠶ ᠴᠢᠤᠸᠠᠨ ᠲᠣᠭᠤᠷᠢᠭ 2025 ᠣᠨ ᠤ ᠪᠥᠬᠦ ᠲᠤᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/24
     2 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠢᠦᠶ ᠴᠢᠤᠸᠠᠨ ᠲᠣᠭᠤᠷᠢᠭ 2025 ᠣᠨ ᠤ ᠪᠥᠬᠦ ᠲᠤᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ᠃
     ᠬᠤᠷᠠᠯ ᠠᠴᠠ 2025 ᠣᠨ ᠤ ᠪᠦᠬᠦ ᠬᠤᠳᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠢᠦᠢ ᠴᠢᠤᠸᠠᠨ ᠲᠣᠭᠤᠷᠢᠭ ᠤᠨ ᠰᠤᠷᠭᠠᠨ ᠬᠥᠮᠦᠵᠢᠯ ᠤᠨ  ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠠᠵᠢᠯ ᠳᠤ ᠱᠠᠭᠠᠷᠳᠠᠯᠭ᠎ᠠ ᠳᠤᠷᠠᠳᠴᠠᠢ᠃ 2024 ᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠭᠤᠣᠯ ᠠᠮᠵᠢᠯᠲᠠ ᠪᠦᠲᠦᠮᠵᠢ ᠶᠢ ᠪᠦᠬᠦ ᠲᠠᠯ᠎ᠠ ᠪᠠᠷ ᠳ᠋ᠦᠩᠨᠡᠭᠰᠡᠨ ᠪᠥᠭᠡᠳ 2025 ᠣᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠪᠦᠬᠦ ᠲᠤᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠬᠦᠴᠦᠯᠡᠨ ᠴᠢᠩᠭᠠᠳᠬᠠᠵᠤ᠂ ᠶᠣᠰᠣ ᠮᠣᠷᠠᠯ ᠢ ᠪᠣᠶ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠤᠭᠤᠮᠲᠠ ᠰᠢᠪᠲᠤᠯᠬᠤ ᠶᠢ ᠴᠢᠩᠭᠠᠳᠬᠠᠵᠤ᠂ ᠠᠵᠢᠯ ᠦᠢᠯᠡᠰ ᠤᠨ ᠬᠥᠭᠵᠢᠯᠲᠡ ᠶᠢᠨ ᠪᠠᠶᠠᠷᠯᠠᠭᠤᠰᠢᠲᠠᠶ ᠪᠠᠶᠢᠳᠠᠯ ᠢ ᠡᠭᠦᠳᠪᠡ᠃      ᠬᠤᠷᠠᠯ ᠠᠴᠠ ᠵᠢᠭᠠᠨ ᠭᠠᠷᠭᠠᠭᠰᠠᠨ ᠨᠢ᠂ ᠰᠢᠨ᠎ᠡ ᠨᠢᠭᠡ ᠵᠢᠯ ᠳᠤ᠂ ᠪᠦᠬᠦ ᠲᠤᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠡᠯ᠎ᠡ ᠱᠠᠲᠤᠨ ᠤ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠰᠤᠷᠭᠠᠨ ᠬᠥᠮᠦᠵᠢᠯ ᠤᠨ ︽ᠵᠢᠷᠭᠤᠭᠠᠨ ᠶᠡᠭᠡ ᠢᠨᠵᠧᠨᠧᠷᠢᠩ︾ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠰᠢᠨ᠎ᠡ ᠭᠠᠷᠤᠭ᠎ᠠ ᠳᠤ ᠰᠠᠭᠤᠷᠢᠯᠠᠵᠤ᠂ ᠨᠠᠮ ᠤᠨ ᠪᠠᠶᠢᠭᠤᠯᠤᠯᠲᠠ ᠶᠢᠨ ᠨᠢᠭᠡᠳᠦᠯᠲᠡᠢ ᠵᠢᠯᠤᠭᠤᠳᠤᠯᠭ᠎ᠠ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠢᠭᠤᠨ ᠴᠢᠬᠡᠴᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠦᠭᠵᠢᠯᠲᠡ ᠶᠢ ᠳᠦᠯᠬᠢᠨ ᠠᠬᠢᠭᠤᠯᠬᠤ ᠬᠡᠷᠡᠭᠲᠡᠢ︔ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠭᠦᠯᠬᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠤᠨᠴᠠᠯᠢᠭᠳᠤ ᠬᠥᠭᠵᠢᠯᠲᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠤ ᠦᠢᠯᠡᠰ ᠪᠠ ᠰᠤᠷᠭᠠᠨ ᠬᠥᠮᠦᠵᠢᠯ ᠢ ᠤᠶᠠᠯᠳᠤᠭᠤᠯᠤᠨ ᠬᠥᠭᠵᠢᠭᠦᠯᠬᠦ ᠲᠠᠯ᠎ᠠ ᠪᠠᠷ ᠬᠦᠴᠦ ᠪᠠᠨ ᠲᠥᠪᠯᠡᠷᠡᠭᠦᠯᠦᠨ ᠳᠠᠬᠢᠨ ᠰᠢᠪᠲᠤᠯᠤᠯᠲᠠ ᠭᠠᠷᠭᠠᠵᠤ᠂ ᠳᠠᠬᠢᠨ ᠳᠡᠭᠡᠭᠰᠢᠯᠡᠭᠦᠯᠬᠦ ᠬᠡᠷᠡᠭᠲᠡᠢ︔ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠲᠤᠰᠬᠠᠶ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠦᠷᠨᠢᠭᠦᠯᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠭᠠᠭᠤᠯᠢ ᠡᠬᠢᠯᠡᠬᠦ ᠭᠡᠵᠦ ᠪᠠᠶᠢᠭ᠎ᠠ ᠦᠶ᠎ᠡ ᠳᠤ᠂  ᠲᠤᠪᠴᠢᠶ᠎ᠠ ᠶᠢᠨ ᠪᠠᠶᠢᠭᠤᠯᠤᠯᠭ᠎ᠠ ᠠᠴᠠ ᠤᠳᠤᠷᠢᠳᠬᠤ ᠺᠠᠳ᠋ᠷ ᠲᠣᠮᠢᠯᠠᠨ ᠳᠤᠭᠤᠶᠢᠯᠠᠩ ᠬᠤᠪᠢᠶᠠᠨ ᠪᠦᠬᠦ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠨ ᠰᠤᠷᠭᠠᠭᠤᠯᠢ ᠡᠬᠢᠯᠡᠭᠰᠡᠨ ᠪᠠᠶᠢᠳᠠᠯ᠂ ᠠᠮᠤᠷ ᠲᠦᠪᠰᠢᠨ ᠤ ᠠᠵᠢᠯ᠂ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠬᠤ ᠵᠡᠷᠭᠡ ᠶᠢ ᠪᠠᠶᠢᠴᠠᠭᠠᠬᠤ ᠬᠡᠷᠡᠭᠲᠡᠢ᠃ ᠡᠯ᠎ᠡ ᠰᠤᠷᠭᠠᠭᠤᠯᠢ ︵ᠬᠦᠷᠢᠶᠡᠯᠡᠩ︶ ᠲᠤᠰᠬᠠᠶ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠠᠵᠢᠯ ᠢ ᠨᠠᠷᠢᠨ ᠨᠢᠮᠪᠠᠶ ᠲᠥᠯᠥᠪᠯᠡᠨ᠂ ᠰᠤᠷᠤᠯᠭ᠎ᠠ ᠡᠬᠢᠯᠡᠬᠦ ᠡᠯ᠎ᠡ ᠵᠦᠢᠯ  ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠰᠤᠷᠤᠯᠭ᠎ᠠ ᠡᠬᠢᠯᠡᠬᠦ ᠨᠢᠭᠡᠳᠦᠭᠡᠷ ᠬᠢᠴᠢᠶᠡᠯ︾ ᠢ ᠨᠠᠷᠢᠨ ᠬᠢᠨᠠᠮᠠᠭᠠᠶ ᠰᠠᠶᠢᠲᠤᠷ ᠥᠷᠨᠢᠭᠦᠯᠦᠨ᠂ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠠᠮᠤᠷ ᠲᠦᠪᠰᠢᠨ ᠤ ᠬᠥᠮᠦᠵᠢᠯ ᠢ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠬᠡᠷ ᠪᠦᠯᠢ ᠪᠠ ᠰᠤᠷᠭᠠᠭᠤᠯᠢ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠬᠡᠤᠬᠡᠳ ᠤᠨ ᠰᠡᠳᠬᠢᠴᠡ ᠶᠢᠨ ᠪᠠᠶᠢᠳᠠᠯ ᠢ ᠬᠠᠯᠠᠮᠵᠢᠯᠠᠨ ᠠᠩᠬᠠᠷᠴᠤ᠂ ᠰᠤᠷᠭᠠᠭᠤᠯᠢ ᠶᠢᠨ ᠠᠮᠤᠷ ᠲᠦᠪᠰᠢᠨ ᠲᠣᠭᠲᠠᠭᠤᠨ ᠢ ᠪᠥᠬᠦ ᠲᠠᠯ᠎ᠠ ᠪᠠᠷ ᠰᠠᠶᠢᠲᠤᠷ ᠬᠠᠮᠠᠭᠠᠯᠠᠵᠤ᠂ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠡᠮᠬᠢ ᠳᠢᠭᠯᠢᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠥᠬᠦ ᠪᠦᠷᠢᠯᠳᠦᠬᠦᠨ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠠᠶᠢᠭᠤᠯᠤᠯᠭ᠎ᠠ ᠶᠢᠨ ᠡᠯ᠎ᠡ ᠲᠠᠰᠤᠭ ᠵᠢᠴᠢ ᠬᠤᠶᠠᠳᠤᠭᠠᠷ ᠳᠡᠰ ᠤᠨ ᠨᠢᠭᠡᠴᠢ ᠶᠢᠨ ᠪᠥᠬᠦ ᠵᠠᠩᠭᠢᠯᠠᠭ᠎ᠠ ᠶᠢᠨ ᠺᠠᠳ᠋ᠷ᠂ ᠲᠣᠭᠤᠷᠢᠭ ᠤᠨ ᠬᠠᠷᠢᠶ᠎ᠠ  ᠠᠯᠪᠠᠨ ᠠᠷᠠᠳ ᠠᠴᠠ ᠡᠷᠭᠢᠯᠡᠭᠰᠡᠨ ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ᠂ ᠬᠡᠤᠬᠡᠳ ᠤᠨ ᠴᠡᠴᠡᠷᠯᠢᠭ ᠤᠨ ᠰᠤᠷᠭᠠᠭᠤᠯᠢ ᠶᠢᠨ ᠲᠠᠰ ᠤᠨ ᠤᠳᠤᠷᠢᠳᠤᠯᠭ᠎ᠠ ᠵᠢᠴᠢ ᠵᠠᠩᠭᠢᠯᠠᠭ᠎ᠠ ᠶᠢᠨ ᠺᠠᠳ᠋ᠷ ᠬᠤᠷᠠᠯ ᠳᠤ ᠣᠷᠣᠯᠴᠠᠵᠠᠶ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号