ᠳᠤᠮᠳᠠᠳᠤ ᠤᠯᠤᠰ ᠤᠨ ᠡᠪ ᠬᠠᠮᠲᠤ ᠨᠠᠮ ᠤᠨ ᠢᠦᠢ ᠴᠢᠤᠸᠠᠨ ᠲᠣᠭᠤᠷᠢᠭ ᠤᠨ ᠬᠢᠨ ᠨᠠᠮ ᠤᠨ ᠬᠤᠷᠢᠶ᠎ᠠ ᠶᠢᠨ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ 2025 ᠣᠨ ᠤ 3 ᠳ᠋ᠤᠭᠠᠷ ᠤᠳᠠᠭᠠᠨ ᠤ ᠬᠠᠮᠲᠤ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠤᠭᠰᠠᠨ ᠵᠢᠴᠢ ᠤᠮᠠᠷᠠᠲᠤ ᠬᠢᠯᠢ ᠶᠢᠨ ᠰᠣᠶᠣᠯ ᠤᠨ ᠢᠯᠡ ᠬᠢᠴᠢᠶᠡᠯ ᠡᠷᠬᠢᠯᠡᠪᠠ
ᠨᠡᠶᠢᠲᠡᠯᠡᠭᠰᠡᠨ ᠴᠠᠭ᠄
2025/2/24
     ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ︽ᠵᠢᠷᠭᠤᠭᠠᠨ ᠠᠵᠢᠯᠯᠠᠭ᠎ᠠ︾ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠲᠤᠬᠠᠶ ᠱᠠᠭᠠᠷᠳᠠᠯᠭ᠎ᠠ ᠪᠣᠯᠤᠨ ᠰᠦᠨ ᠱᠣᠤ ᠴᠧᠩ ᠱᠦᠵᠢ ᠶᠢᠨ ᠤᠮᠠᠷᠠᠲᠤ ᠬᠢᠯᠢ ᠶᠢᠨ ᠰᠣᠶᠣᠯ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠢᠶᠠᠷ ᠳᠥᠯᠭᠢᠨ  ᠠᠬᠢᠭᠤᠯᠬᠤ ᠶᠢᠨ ᠲᠦᠯᠦᠭᠡ᠂ 2 ᠳ᠋ᠤᠭᠠᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠢᠦᠶ ᠴᠢᠤᠸᠠᠨ ᠲᠣᠭᠤᠷᠢᠭ ᠤᠨ ᠬᠢᠨ ᠨᠠᠮ ᠤᠨ ᠬᠤᠷᠢᠶ᠎ᠠ ᠶᠢᠨ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ 2025 ᠣᠨ ᠤ 3 ᠳ᠋ᠤᠭᠠᠷ ᠤᠳᠠᠭᠠᠨ ᠤ ᠬᠠᠮᠲᠤ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠤᠭᠰᠠᠨ ᠵᠢᠴᠢ ᠤᠮᠠᠷᠠᠲᠤ ᠬᠢᠯᠢ ᠶᠢᠨ ᠰᠣᠶᠣᠯ ᠤᠨ ᠢᠯᠡ ᠬᠢᠴᠢᠶᠡᠯ ᠡᠷᠬᠢᠯᠡᠪᠠ᠃
     ᠲᠤᠰ ᠤᠳᠠᠭᠠᠨ ᠤ ᠰᠤᠷᠤᠯᠴᠠᠯᠭ᠎ᠠ ᠶᠢᠨ ᠬᠤᠷᠠᠯ ᠳᠤ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠲᠥᠪ ᠤᠨ ᠡᠷᠬᠢᠯᠡᠭᠴᠢ᠂ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ ᠺᠠᠩ ᠵᠢᠶᠠᠨ ᠭᠦᠸᠧ ᠫᠷᠤᠹᠧᠰᠰᠤᠷ ᠢ ᠤᠷᠢᠵᠤ ᠤᠯᠠᠨ ᠳᠤ ︽ᠤᠮᠠᠷᠠᠲᠤ ᠬᠢᠯᠢ ᠶᠢᠨ ᠰᠣᠶᠣᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠳᠠᠬᠢ ᠠᠴᠢ ᠬᠤᠯᠪᠣᠭᠳᠠᠯ ᠪᠠ ᠦᠢᠯᠡᠳᠦᠯ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠡᠯ᠎ᠡ  ᠨᠢᠭᠡᠴᠢ ᠪᠦᠬᠦ ᠤᠯᠤᠰ ᠪᠦᠬᠦ ᠲᠤᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠢᠰᠲ᠋ᠧᠮ ᠲᠠᠢ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠠ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠤᠮᠠᠷᠠᠲᠤ ᠬᠢᠯᠢ ᠶᠢᠨ ᠰᠣᠶᠣᠯ︾ ᠤᠨ ᠭᠦᠨ ᠭᠦᠨᠵᠡᠭᠡᠢ ᠠᠭᠤᠯᠤᠭᠳᠠᠬᠤᠨ ᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ︽ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯᠯᠠᠭ᠎ᠠ ᠶᠢᠨ ᠤᠬᠠᠮᠰᠠᠷ ᠢ ᠦᠨᠡᠨᠬᠦ ᠴᠢᠩᠭᠠᠳᠬᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠤᠮᠠᠷᠠᠲᠤ ᠬᠢᠯᠢ ᠶᠢᠨ ᠰᠣᠶᠣᠯ  ᠰᠣᠶᠣᠯ ᠢ ᠳᠡᠭᠡᠳᠦᠯᠡᠬᠦ ᠢᠦᠢ ᠴᠢᠤᠸᠠᠨ︾ ᠤ ᠨᠡᠷᠡᠲᠦ ᠲᠦᠷᠦᠯ ᠲᠡᠮᠳᠡᠭᠲᠦ ᠶᠢ ᠡᠭᠦᠳᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠣᠯᠭᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠦᠷᠨᠢᠭᠦᠯᠬᠦ ᠬᠠᠷᠠᠯᠲᠠ ᠡᠭᠦᠷᠭᠡ ᠶᠢᠨ ᠲᠤᠭᠤᠷᠢᠨ ᠳᠤ᠂ ︽ᠭᠤᠷᠪᠠᠨ ᠰᠠᠯᠵᠤ ᠪᠤᠯᠤᠰᠢ ᠦᠭᠡᠢ︾᠂ ︽ᠲᠦᠷᠪᠡ ᠶᠢ ᠬᠠᠮᠲᠤᠳᠬᠠᠬᠤ︾᠂ ︽ᠲᠠᠪᠤᠨ ᠬᠠᠮᠲᠤ ᠶᠢᠨ ᠲᠠᠨᠢᠯᠲᠠ︾ ᠪᠣᠯᠤᠨ ︽ᠲᠤᠯᠤᠭᠠᠨ ᠵᠢᠱᠢᠶᠡᠴᠢ ᠪᠣᠯᠬᠤ︾ ᠶᠢ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠳᠤ ᠭᠦᠢᠴᠡᠳ ᠠᠭᠤᠰᠤᠯᠴᠠᠭᠤᠯᠬᠤ ᠬᠡᠷᠡᠭᠲᠡᠢ᠃ ᠮᠠᠨ ᠤ ᠲᠤᠭᠤᠷᠢᠭ ᠤᠨ ᠤᠨᠴᠠᠯᠢᠭᠳᠤ ᠳᠠᠪᠠᠭᠤᠯᠢᠭ ᠲᠤ ᠰᠠᠭᠤᠷᠢᠯᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠪᠠᠷ ᠬᠥᠲᠥᠯᠦᠮᠵᠢ ᠪᠣᠯᠭᠠᠵᠤ᠂ ︽ᠰᠤᠶᠤᠯ ᠢ ᠳᠡᠭᠡᠳᠦᠯᠡᠬᠦ︾ ᠭᠡᠬᠦ ᠡᠨᠡ ᠬᠦ ᠵᠣᠬᠢᠶᠠᠯ ᠢ ᠰᠠᠶᠢᠲᠤᠷ ᠬᠢᠬᠦ ᠪᠠᠷ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠲᠡᠶ ᠭᠠᠷᠳᠠᠴᠠ ᠪᠣᠯᠭᠠᠵᠤ᠂ ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠳᠣᠪᠤᠶᠢᠯᠭᠠᠬᠤ ᠶᠢ ᠪᠠᠷᠢᠮᠲᠠᠯᠠᠵᠤ᠂ ︽ᠲᠠᠪᠤ ᠶᠢ ᠴᠤᠭᠴᠠᠯᠠᠬᠤ︾ ᠰᠣᠶᠣᠯ ᠵᠢᠭᠤᠯᠴᠢᠯᠠᠯ ᠤᠨ ᠠᠵᠢᠯ ᠤᠨ ᠰᠡᠳᠬᠢᠴᠡ ᠪᠠᠷ᠂ ᠣᠷᠣᠨ ᠤ ᠲᠥᠪ ᠬᠤᠲᠠ ᠶᠢᠨ ︽ᠨᠢᠭᠡ ᠬᠤᠩᠬᠢᠯ ᠬᠤᠶᠠᠷ ᠲᠡᠩᠭᠡᠯᠢᠭ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠭᠦᠢ ᠰᠦᠢ ᠬᠠᠭᠤᠴᠢᠨ ᠬᠤᠳᠠ ᠶᠢᠨ ᠲᠡᠦᠬᠡ ᠰᠣᠶᠣᠯ ᠤᠨ ᠲᠡᠩᠭᠡᠯᠢᠭ ᠪᠦᠰᠡ ᠶᠢ ᠰᠠᠶᠢᠲᠤᠷ ᠴᠣᠭᠴᠠᠯᠠᠵᠤ᠂ ᠰᠣᠶᠣᠯ ᠵᠢᠭᠤᠯᠴᠢᠯᠠᠯ ᠤᠨ ᠲᠦᠷᠦᠯ ᠲᠡᠮᠳᠡᠭᠲᠦ ᠶᠢᠨ ᠠᠵᠢᠯᠯᠠᠭ᠎ᠠ ᠶᠢ ᠰᠠᠶᠢᠲᠤᠷ ᠲᠥᠯᠥᠪᠵᠢᠭᠦᠯᠵᠦ᠂ ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠬᠢᠭᠤᠯᠵᠤ᠂ ᠤᠳᠤ ᠪᠠᠶᠢᠭ᠎ᠠ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠰᠠᠶᠢᠲᠤᠷ ᠡᠵᠡᠩᠨᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠭᠠᠵᠠᠷ ᠣᠷᠣᠨ ᠤ ᠲᠤᠯᠭᠠᠭᠤᠷᠢ ᠠᠵᠤ ᠦᠢᠯᠡᠰ ᠪᠣᠯᠭᠠᠨ ᠴᠣᠭᠴᠠᠯᠠᠬᠤ ᠪᠠᠷ ᠴᠢᠷᠮᠠᠶᠢᠵᠤ᠂ ᠰᠣᠶᠣᠯ ᠤᠨ ᠪᠠᠶᠢᠭᠤᠯᠤᠯᠲᠠ ᠶᠢᠨ ᠶᠡᠭᠡ ᠳᠡᠭᠡᠭᠰᠢᠯᠡᠯᠲᠡ ᠪᠠᠷ ᠠᠵᠤ ᠠᠬᠤᠢ ᠶᠢᠨ ᠬᠥᠭᠵᠢᠯᠲᠡ ᠶᠢᠨ ᠶᠡᠭᠡ ᠦᠰᠦᠷᠦᠯᠲᠡ ᠶᠢ ᠲᠤᠯᠭᠠᠭᠤᠷᠢᠯᠠᠬᠤ ᠬᠡᠷᠡᠭᠲᠡᠢ᠃         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号