2 ᠳ᠋ᠤᠭᠠᠷ ᠰᠠᠷ᠎ᠠ ᠶᠢᠨ 24 ᠤ ᠡᠳᠦᠷ᠂ ᠢᠦᠢ ᠴᠢᠤᠸᠠᠨ ᠲᠣᠭᠤᠷᠢᠭ ᠤᠨ ᠲᠠᠪᠤᠨ ᠰᠤᠪᠤᠷᠭᠠᠲᠤ ᠰᠦᠮ᠎ᠡ ᠶᠢᠨ | ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠪᠦᠬᠦ ᠪᠠᠭᠰᠢ ᠰᠤᠷᠤᠭᠴᠢᠳ ᠴᠤᠭ ᠵᠢᠪᠬᠤᠭ᠎ᠠ ᠲᠠᠢ ᠪᠠᠷ ᠬᠠᠪᠤᠷ ᠤᠨ | ᠤᠯᠠᠷᠢᠯ ᠤᠨ ᠰᠤᠷᠤᠯᠭ᠎ᠠ ᠡᠬᠢᠯᠡᠭᠰᠡᠨ ᠠᠩᠬᠠᠨ ᠤ ᠡᠳᠦᠷ ᠢᠶᠠᠨ ᠤᠭᠲᠤᠨ ᠠᠪᠤᠯ᠎ᠠ᠃ ᠰᠤᠷᠭᠠᠭᠤᠯᠢ ︽ᠰᠢᠨ᠎ᠡ | ᠰᠤᠷᠤᠯᠭ᠎ᠠ ᠶᠢᠨ ᠬᠤᠭᠤᠴᠠᠭ᠎ᠠ ᠪᠠᠨ ᠭᠡᠷᠡᠯᠲᠦᠭᠦᠯᠵᠦ ᠰᠢᠨ᠎ᠡ ᠠᠶᠠᠨ ᠢᠶᠠᠨ ᠡᠬᠢᠯᠡᠭᠦᠯᠬᠦ︾ ᠪᠠᠷ ᠭᠤᠤᠯ ᠰᠡᠳᠦᠪ | ᠪᠣᠯᠭᠠᠵᠤ᠂ ᠬᠠᠤᠯᠢ ᠲᠦᠷᠢᠮ ᠤᠨ ᠬᠥᠮᠦᠵᠢᠯ᠂ ᠠᠮᠤᠷ ᠲᠦᠪᠰᠢᠨ ᠤ ᠬᠥᠮᠦᠵᠢᠯ᠂ ᠰᠣᠶᠣᠯ ᠪᠡᠶ᠎ᠡ ᠶᠢᠨ ᠲᠠᠮᠢᠷ ᠤᠨ | ᠠᠵᠢᠯᠯᠠᠭ᠎ᠠ ᠵᠡᠷᠭᠡ ᠣᠯᠠᠨ ᠡᠰᠢᠲᠦ ᠬᠡᠯᠪᠡᠷᠢ ᠪᠠᠷ ᠳᠠᠮᠵᠢᠭᠤᠯᠤᠨ᠂ ᠨᠢᠭᠡ ᠤᠳᠠᠭᠠᠨ ᠤ ᠬᠠᠯᠠᠭᠤᠨ ᠳᠤᠯᠠᠭᠠᠨ᠂ | ᠭᠦᠨᠴᠡ ᠲᠠᠢ ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾ ᠢ ᠪᠠᠶᠢᠭᠤᠯᠵᠤ᠂ ᠰᠢᠨ᠎ᠡ ᠰᠤᠷᠤᠯᠭ᠎ᠠ ᠶᠢᠨ | ᠬᠤᠭᠤᠴᠠᠭᠠᠨ ᠳᠤ ᠰᠢᠨ᠎ᠡ ᠰᠣᠷᠭᠤᠭ ᠠᠮᠢᠵᠢᠷᠠᠯ ᠤᠨ ᠬᠦᠴᠦᠨ ᠪᠠ ᠲᠡᠭᠦᠰ ᠲᠡᠭᠦᠯᠳᠡᠷ ᠢᠳᠡᠪᠬᠢ ᠬᠦᠴᠦᠨ | ᠨᠡᠮᠡᠷᠢᠯᠡᠪᠡ᠃ | | | | | ᠪᠠᠭᠰᠢ ᠨᠠᠷ ᠪᠣᠯᠤᠨ ᠬᠠᠮᠲᠤ ᠰᠤᠷᠤᠭᠴᠢᠳ ᠰᠢᠨ᠎ᠡ ᠰᠤᠷᠤᠯᠭ᠎ᠠ ᠶᠢᠨ ᠬᠤᠭᠤᠴᠠᠭᠠᠨ ᠤ ︽ᠦᠰᠦᠨ | ᠪᠤᠶᠢᠵᠢᠬᠤ ᠬᠦᠰᠡᠯ ᠡᠷᠡᠮᠡᠯᠵᠡᠯ ᠤᠨ ᠺᠠᠷᠲ︾ ᠢᠶᠠᠨ ᠠᠪᠴᠤ ᠬᠠᠮᠲᠤ ᠰᠤᠷᠤᠭᠴᠢ ᠨᠢᠭᠡᠪᠦᠷᠢ ᠶᠢ ᠤᠭᠲᠤᠵᠤ᠂ | ᠤᠯᠠᠨ ᠢᠶᠠᠷ ᠢᠶᠠᠨ ᠬᠠᠯᠠᠭᠤᠨ ᠢᠶᠠᠷ ᠮᠡᠨᠳᠦᠴᠢᠯᠡᠵᠦ᠂ ᠡᠪᠦᠯ ᠤᠨ ᠤᠯᠠᠷᠢᠯ ᠳᠤ ᠨᠠᠮ ᠬᠥᠮ ᠪᠣᠯᠤᠭᠰᠠᠨ | ᠰᠤᠷᠭᠠᠭᠤᠯᠢ ᠶᠢᠨ ᠬᠦᠷᠢᠶ᠎ᠡ ᠡᠨᠡ ᠦᠶ᠎ᠡ ᠳᠤ ᠬᠦᠷ ᠨᠠᠷᠭᠢᠶᠠᠨ ᠲᠠᠢ ᠪᠣᠯᠵᠤ ᠡᠬᠢᠯᠡᠪᠡ᠃ | | | | | ᠬᠢᠴᠢᠶᠡᠯ ᠳᠡᠭᠡᠷ᠎ᠡ᠂ ᠠᠩᠭᠢ ᠠᠮᠠᠷᠠᠯᠲᠠ ᠶᠢᠨ ᠬᠤᠭᠤᠴᠠᠭᠠᠨ ᠤ ᠣᠯᠤᠯᠲᠠ ᠪᠠᠨ ᠬᠤᠪᠢᠶᠠᠯᠴᠠᠬᠤ᠂ ᠰᠢᠨ᠎ᠡ | ᠰᠤᠷᠤᠯᠭ᠎ᠠ ᠶᠢᠨ ᠬᠤᠭᠤᠴᠠᠭᠠᠨ ᠤ ᠲᠥᠯᠥᠪᠯᠡᠭᠡ ᠲᠣᠭᠲᠠᠭᠠᠬᠤ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ | ᠰᠤᠷᠤᠭᠴᠢᠳ ᠢ ᠬᠠᠪᠰᠤᠷᠤᠨ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠳᠤ ᠲᠦᠷᠭᠡᠨ ᠵᠣᠬᠢᠴᠠᠭᠤᠯᠵᠤ᠂ | ᠰᠤᠷᠭᠠᠭᠤᠯᠢ ᠪᠠᠰᠠ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠬᠤᠯᠠᠴᠢᠯᠠᠵᠤ᠂ ᠰᠤᠷᠤᠭᠴᠢᠳ ᠢ | ᠬᠥᠲᠥᠯᠥᠨ ᠵᠢᠯᠣᠭᠤᠳᠴᠤ ᠪᠠᠶᠢᠭᠠᠳ ᠢᠳᠡᠪᠬᠢᠲᠡᠶ ᠰᠡᠳᠬᠢᠴᠡ ᠶᠢᠨ ᠪᠠᠶᠢᠳᠠᠯ ᠢᠶᠠᠷ ᠰᠢᠨ᠎ᠡ ᠰᠤᠷᠤᠯᠭ᠎ᠠ ᠶᠢᠨ | ᠬᠤᠭᠤᠴᠠᠭᠠᠨ ᠤ ᠥᠷᠢᠰᠥᠯᠳᠦᠭᠡᠨ ᠢ ᠤᠭᠲᠤᠪᠠ᠃ | | | | | ᠳᠠᠷᠠᠭ᠎ᠠ ᠨᠢ ᠥᠷᠨᠢᠭᠦᠯᠦᠭᠰᠡᠨ ᠭᠤᠤᠯ ᠰᠡᠳᠦᠪᠲᠦ ᠲᠤᠭ ᠮᠠᠨᠳᠤᠭᠤᠯᠬᠤ ᠶᠣᠰᠣᠯᠠᠯ ᠨᠢ ᠤᠯᠤᠰ ᠢᠶᠠᠨ | ᠬᠠᠶᠢᠷᠠᠯᠠᠬᠤ ᠭᠤᠤᠯ ᠰᠡᠳᠦᠪᠲᠦ ᠬᠥᠮᠦᠵᠢᠯ ᠪᠣᠯᠤᠨ ᠦᠰᠦᠨ ᠪᠤᠶᠢᠵᠢᠬᠤ ᠬᠠᠷᠠᠯᠲᠠ ᠶᠢ ᠰᠤᠷᠤᠯᠭ᠎ᠠ ᠡᠬᠢᠯᠡᠬᠦ | ᠠᠩᠬᠠᠨ ᠤ ᠬᠢᠴᠢᠶᠡᠯ ᠳᠤ ᠠᠭᠤᠰᠤᠯᠴᠠᠭᠤᠯᠵᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠡᠬᠢᠯᠡᠯᠲᠡ ᠶᠢᠨ | ᠬᠦᠰᠢᠭᠡ ᠶᠢ ᠨᠡᠭᠡᠭᠡᠵᠦ᠂ ᠬᠥᠳᠡᠯᠭᠡᠬᠦ ᠬᠦᠴᠦᠨ ᠨᠡᠮᠡᠷᠢᠯᠡᠪᠡ᠃ | | | | | ᠰᠤᠷᠭᠠᠭᠤᠯᠢ ᠶᠢᠨ ᠬᠦᠷᠢᠶᠡᠨ ᠤ ᠬᠠᠥᠯᠢᠵᠢᠯ ᠤᠨ ᠠᠮᠤᠷ ᠲᠦᠪᠰᠢᠨ ᠤ ᠬᠥᠮᠦᠵᠢᠯ ᠢ ᠤᠯᠠᠮ ᠨᠢᠭᠡ ᠠᠯᠬᠤᠮ | ᠴᠢᠩᠭᠠᠳᠬᠠᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠥᠪᠡᠷ ᠢ ᠪᠠᠨ | ᠬᠠᠮᠠᠭᠠᠯᠠᠬᠤ ᠴᠢᠳᠠᠪᠤᠷᠢ ᠶᠢ ᠴᠢᠩᠭᠠᠳᠬᠠᠨ᠂ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠪᠠ | ᠪᠠᠭᠠᠰᠬᠠᠵᠤ᠂ ᠵᠠᠯᠠᠭᠤᠴᠤᠳ ᠪᠠᠭᠠᠴᠤᠳ ᠤᠨ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ | ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠡᠯ᠎ᠡ ᠠᠩᠭᠢ ᠬᠡᠷᠡᠭ ᠢᠶᠠᠷ | ᠬᠠᠤᠯᠢ ᠶᠢ ᠶᠠᠷᠢᠵᠤ᠂ ᠬᠡᠷᠡᠭ ᠢᠶᠠᠷ ᠬᠠᠤᠯᠢ ᠶᠢ ᠰᠤᠷᠤᠯᠴᠠᠵᠤ᠂ ᠳᠡᠷᠭᠡᠳᠡᠬᠢ ᠨᠡᠶᠢᠲᠡᠯᠢᠭ ᠬᠡᠷᠡᠭ ᠤᠨ ᠵᠢᠱᠢᠶ᠎ᠡ ᠶᠢ | ᠵᠢᠭᠰᠠᠭᠠᠬᠤ ᠪᠠᠷ ᠳᠠᠮᠵᠢᠭᠤᠯᠤᠨ᠂ ᠬᠠᠮᠲᠤ ᠰᠤᠷᠤᠭᠴᠢᠳ ᠰᠤᠷᠭᠠᠭᠤᠯᠢ ᠶᠢᠨ ᠬᠦᠷᠢᠶᠡᠨ ᠤ ᠳᠤᠷᠤᠮᠵᠢᠯᠠᠯ᠂ | ᠰᠦᠯᠵᠢᠶᠡᠨ ᠤ ᠠᠮᠤᠷ ᠲᠦᠪᠰᠢᠨ᠂ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠵᠡᠷᠭᠡ ᠬᠠᠮᠢᠶ᠎ᠠ | ᠪᠥᠬᠦᠶ ᠬᠠᠥᠯᠢᠵᠢᠯ ᠤᠨ ᠮᠡᠳᠡᠯᠭᠡ ᠶᠢᠨ ᠲᠤᠬᠠᠶ ᠨᠠᠩ ᠭᠦᠨᠵᠡᠭᠡᠶ ᠲᠠᠨᠢᠯᠲᠠ ᠲᠠᠢ ᠪᠣᠯᠪᠠ᠃ ᠡᠭᠦᠨ ᠤ ᠬᠠᠮᠲᠤ᠂ | ᠰᠤᠷᠭᠠᠭᠤᠯᠢ ᠶᠢᠨ ᠬᠦᠷᠢᠶᠡᠨ ᠳᠤ ᠪᠠᠰᠠ ᠠᠮᠤᠷ ᠲᠦᠪᠰᠢᠨ ᠤ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠤᠯ ᠠᠷᠭ᠎ᠠ ᠵᠠᠮ᠂ ᠬᠢᠴᠢᠶᠡᠯ ᠤᠨ ᠲᠠᠩᠬᠢᠮ ᠤᠨ ᠵᠢᠭᠠᠨ | ᠰᠤᠷᠭᠠᠯᠲᠠ ᠶᠢᠨ ᠭᠤᠤᠯ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠤᠭᠴᠢᠳ ᠤᠨ | ᠦᠰᠦᠨ ᠪᠤᠶᠢᠵᠢᠬᠤ ᠵᠠᠮ ᠢ ᠬᠠᠮᠠᠭᠠᠯᠠᠪᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |