ᠢᠦᠢ ᠴᠢᠤᠸᠠᠨ ᠲᠣᠭᠤᠷᠢᠭ ᠵᠠᠬᠢᠶᠠᠯᠠᠭ᠎ᠠ ᠶᠢᠨ ᠳᠡᠯᠭᠡᠭᠦᠷ ᠤᠨ ᠲᠤᠰᠬᠠᠢ ᠪᠠᠶᠢᠴᠠᠭᠠᠯᠲᠠ ᠥᠷᠨᠢᠭᠦᠯᠵᠦ ᠰᠦᠯᠵᠢᠶᠡᠨ ᠤ ᠢᠳᠡᠭᠡᠨ ᠤᠮᠳᠠᠭᠠᠨ ᠤ ᠨᠢᠭᠡᠴᠢ ᠶᠢᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠪᠠ
ᠨᠡᠶᠢᠲᠡᠯᠡᠭᠰᠡᠨ ᠴᠠᠭ᠄
2025/2/27
     ᠵᠠᠬᠢᠶᠠᠯᠠᠭ᠎ᠠ ᠶᠢᠨ ᠬᠤᠭᠤᠯᠠᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠡᠷᠡᠭᠯᠡᠭᠴᠢᠳ ᠤᠨ ᠢᠳᠡᠭᠡᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠷᠢᠶᠠᠲᠤ ᠣᠷᠣᠨ ᠤ ᠵᠠᠬᠢᠶᠠᠯᠠᠭ᠎ᠠ ᠶᠢᠨ ᠬᠤᠭᠤᠯᠠᠨ ᠳᠡᠯᠭᠡᠭᠦᠷ ᠲᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠢᠳᠡᠭᠡᠨ ᠤ ᠠᠮᠤᠷ ᠲᠦᠪᠰᠢᠨ᠂ ᠡᠵᠡᠩᠨᠡᠯᠲᠡ ᠶᠢᠨ ᠬᠢᠷᠢ ᠬᠡᠮ᠂ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠲᠠᠯ᠎ᠠ ᠶᠢᠨ ᠲᠣᠭᠤᠷᠢᠨ ᠳᠤ ᠵᠠᠬᠢᠶᠠᠯᠠᠭ᠎ᠠ ᠶᠢᠨ ᠬᠤᠭᠤᠯᠠᠨ ᠳᠡᠯᠭᠡᠭᠦᠷ ᠤᠨ ᠡᠵᠡᠩᠨᠡᠭᠴᠢ ᠶᠢ ᠰᠢᠮᠳᠠᠭᠤᠯᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ ᠶᠤᠮ᠃
     ᠬᠠᠤᠯᠢ ᠬᠡᠷᠡᠭᠵᠢᠭᠦᠯᠬᠦ ᠠᠵᠢᠯᠲᠠᠨ ᠵᠠᠬᠢᠶᠠᠯᠠᠭ᠎ᠠ ᠶᠢᠨ ᠳᠡᠯᠭᠡᠭᠦᠷ ᠤᠨ ᠢᠳᠡᠭᠡᠨ ᠤ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠂ ᠬᠠᠳᠠᠭᠠᠯᠠᠬᠤ᠂ ᠡᠳ᠋ᠰᠢᠭᠦᠯᠬᠦ ᠵᠡᠷᠭᠡ ᠭᠤᠭᠴᠤᠭ᠎ᠠ ᠨᠢ ᠵᠢᠷᠤᠮᠵᠢᠭᠤᠨ ᠪᠠᠶᠢᠬᠤ ᠡᠰᠡᠬᠦ᠂ ᠢᠳᠡᠭᠡᠨ ᠤ ᠮᠠᠲ᠋ᠧᠷᠢᠶᠠᠯ ᠢ ᠬᠡᠷᠡᠭᠯᠡᠬᠦ ᠬᠤᠭᠤᠴᠠᠭ᠎ᠠ ᠨᠢ ᠥᠩᠭᠡᠷᠡᠭᠰᠡᠨ ᠡᠰᠡᠬᠦ᠂ ᠴᠢᠨᠠᠷ ᠬᠤᠪᠢᠷᠬᠠᠰᠠᠨ ᠢᠳᠡᠭᠡᠨ ᠪᠠᠶᠢᠬᠤ ᠡᠰᠡᠬᠦ ᠵᠡᠷᠭᠡ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠶᠢᠴᠠᠭᠠᠪᠠ︔ ᠵᠠᠬᠢᠶᠠᠯᠠᠭ᠎ᠠ ᠶᠢᠨ ᠳᠡᠯᠭᠡᠭᠦᠷ ᠬᠦᠴᠦᠨ ᠲᠠᠢ ᠡᠵᠡᠩᠨᠡᠯᠲᠡ ᠶᠢᠨ ᠦᠨᠡᠮᠯᠡᠯ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠪᠠᠶᠢᠬᠤ ᠡᠰᠡᠬᠦ᠂ ᠠᠵᠢᠯᠯᠠᠵᠤ ᠪᠠᠶᠢᠭ᠎ᠠ ᠬᠥᠮᠦᠰ ᠡᠷᠡᠭᠦᠯ ᠮᠡᠨᠳᠦ ᠶᠢᠨ ᠭᠡᠷᠡᠴᠢ ᠪᠠᠶᠢᠬᠤ ᠡᠰᠡᠬᠦ ᠶᠢ ᠬᠠᠷᠭᠤᠭᠤᠯᠤᠨ ᠪᠠᠶᠢᠴᠠᠭᠠᠪᠠ︔ ᠵᠠᠬᠢᠶᠠᠯᠠᠭ᠎ᠠ ᠶᠢᠨ ᠳᠡᠯᠭᠡᠭᠦᠷ ᠤᠨ ᠲᠣᠭᠤᠭᠠᠨ ᠭᠡᠷ ᠵᠢᠴᠢ ᠬᠤᠭᠤᠯᠠ ᠢᠳᠡᠬᠦ ᠣᠷᠣᠨ ᠪᠦᠰᠡ ᠶᠢᠨ ᠠᠷᠢᠭᠤᠨ ᠴᠡᠪᠡᠷ ᠤᠨ ᠪᠠᠶᠢᠳᠠᠯ᠂ ᠢᠯᠠᠭ᠎ᠠ ᠶᠢ ᠰᠡᠷᠭᠡᠶᠢᠯᠡᠬᠦ᠂ ᠬᠤᠯᠤᠭᠠᠨ᠎ᠠ ᠶᠢ ᠰᠡᠷᠭᠡᠶᠢᠯᠡᠬᠦ᠂ ᠲᠣᠭᠤᠰᠣ ᠶᠢ ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠡᠰᠡᠬᠦ ᠶᠢ ᠪᠠᠶᠢᠴᠠᠭᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠷᠢᠮᠵᠢᠶ᠎ᠠ ᠳᠤ ᠬᠦᠷᠦᠭᠦᠯᠬᠦ ᠶᠢ ᠪᠠᠲᠤᠯᠠᠪᠠ︔ ᠵᠠᠬᠢᠶᠠᠯᠠᠭ᠎ᠠ ᠶᠢᠨ ᠢᠳᠡᠭᠡᠨ ᠤ ᠪᠣᠭᠤᠳᠠᠯ ᠪᠠᠭᠯᠠᠭ᠎ᠠ ᠨᠢ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠡᠰᠡᠬᠦ᠂ ᠲᠣᠬᠢᠷᠠᠭᠤᠯᠤᠨ ᠬᠦᠷᠭᠡᠬᠦ ᠶᠠᠪᠤᠴᠠ ᠳᠤ ᠳᠤᠯᠠᠭᠠᠨ ᠢ ᠬᠠᠮᠠᠭᠠᠯᠠᠬᠤ᠂ ᠪᠣᠬᠢᠷᠲᠤᠯ ᠢ ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠠᠪᠤᠭᠰᠠᠨ ᠡᠰᠡᠬᠦ ᠶᠢ ᠪᠠᠶᠢᠴᠠᠭᠠᠪᠠ︔ ᠵᠠᠬᠢᠶᠠᠯᠠᠭ᠎ᠠ ᠶᠢᠨ ᠲᠠᠪᠴᠠᠩ ᠳᠡᠭᠡᠷᠡᠬᠢ ᠦᠨ᠎ᠡ ᠬᠠᠩᠰᠢ ᠨᠢ ᠲᠣᠳᠣᠷᠬᠠᠶ ᠡᠰᠡᠬᠦ᠂ ᠬᠤᠳᠠᠯ ᠬᠠᠭᠤᠷᠮᠠᠭ ᠤᠬᠠᠭᠤᠯᠭ᠎ᠠ ᠬᠢᠬᠦ᠂ ᠬᠡᠷᠡᠭᠯᠡᠭᠴᠢᠳ ᠢ ᠠᠳᠡᠭᠦᠷᠡᠭᠦᠯᠬᠦ ᠵᠡᠷᠭᠡ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠬᠠᠷᠭᠤᠭᠤᠯᠤᠨ ᠪᠠᠶᠢᠴᠠᠭᠠᠪᠠ᠃      ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠭᠡᠨᠲᠡ ᠬᠤᠯᠪᠣᠭᠳᠠᠯ ᠪᠥᠬᠦᠶ ᠳᠡᠯᠭᠡᠭᠦᠷ ᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠦᠢᠯᠡ ᠪᠠᠶᠢᠳᠠᠯ ᠨᠢ ᠬᠦᠨᠳᠦ ᠨᠣᠴᠢᠲᠠᠶ ᠳᠡᠯᠭᠡᠭᠦᠷ ᠫᠦᠰᠡ ᠶᠢ ᠲᠡᠷᠡ ᠳᠠᠷᠤᠶ ᠳᠤᠨᠢ ᠰᠦᠯᠵᠢᠶ᠎ᠡ ᠪᠠᠷ ᠬᠤᠭᠤᠯᠠ ᠬᠠᠩᠭᠠᠬᠤ ᠶᠢ ᠵᠣᠭᠰᠣᠭᠠᠬᠤ ᠶᠢ ᠱᠠᠭᠠᠷᠳᠠᠬᠤ ᠶᠢᠨ ᠬᠠᠮᠲᠤ ᠬᠠᠤᠯᠢ ᠶᠣᠰᠣᠭᠠᠷ ᠰᠢᠢᠳᠭᠡᠨ ᠲᠤᠷᠭᠠᠪᠠ᠃ ᠡᠭᠦᠨ ᠤ ᠬᠠᠮᠲᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠬᠤᠶᠢᠰᠢᠳᠠ ᠶᠢᠨ ᠮᠥᠷᠳᠡᠨ ᠪᠠᠶᠢᠴᠠᠭᠠᠯᠲᠠ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠪᠣᠯᠤᠨ᠎ᠠ᠃      ᠲᠣᠰ ᠤᠳᠠᠭᠠᠨ ᠤ ᠲᠤᠰᠬᠠᠶ ᠪᠠᠶᠢᠴᠠᠭᠠᠯᠲᠠ ᠪᠠᠷ ᠳᠡᠮᠵᠢᠨ᠂ ᠵᠠᠬᠢᠶᠠᠯᠠᠭ᠎ᠠ ᠶᠢᠨ ᠬᠤᠭᠤᠯᠠᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠵᠡᠩᠨᠡᠭᠴᠢᠳ ᠤᠨ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠪᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨᠬᠦ ᠪᠠᠲᠤᠯᠠᠨ᠎ᠠ᠃      ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠤᠬᠠᠭᠤᠯᠵᠤ ᠬᠦᠳᠦᠯᠦᠨ ᠵᠢᠯᠣᠭᠤᠳᠬᠤ ᠪᠠᠨ ᠴᠢᠩᠭᠠᠳᠬᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠵᠠᠬᠢᠶᠠᠯᠠᠭ᠎ᠠ ᠶᠢᠨ ᠬᠤᠭᠤᠯᠠᠨ ᠳᠡᠯᠭᠡᠭᠦᠷ ᠤᠨ ᠡᠵᠡᠩᠨᠡᠭᠴᠢ ᠳᠤ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠬᠠᠤᠯᠢ ᠶᠢ ᠰᠠᠬᠢᠵᠤ ᠡᠵᠡᠩᠨᠡᠬᠦ ᠤᠬᠠᠮᠰᠠᠷ ᠢ ᠳᠡᠭᠡᠭᠰᠢᠯᠡᠭᠦᠯᠦᠨ᠎ᠡ᠃ ᠨᠥᠭᠦᠭᠡ ᠲᠠᠯ᠎ᠠ ᠪᠠᠷ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠵᠠᠬᠢᠶᠠᠯᠠᠭ᠎ᠠ ᠶᠢᠨ ᠬᠤᠭᠤᠯᠠᠨ ᠳᠡᠯᠭᠡᠭᠦᠷ ᠢ ᠭᠤᠤᠯᠳᠠᠯᠭ᠎ᠠ ᠲᠠᠢ ᠬᠢᠨᠠᠨ ᠬᠠᠮᠢᠶᠠᠷᠬᠤ ᠡᠲᠡᠭᠡᠳ ᠲᠤ ᠣᠷᠣᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠶᠢ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠠᠶᠢᠩᠭᠤᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠡᠷᠡᠭᠯᠡᠭᠴᠢᠳ ᠤᠨ 12315 ᠲᠠᠪᠴᠠᠩ ᠢᠶᠠᠷ ᠳᠠᠮᠵᠢᠭᠤᠯᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号