ᠪᠠᠭ᠎ᠠ ᠲᠦᠷᠭᠡᠨ ᠭᠤᠤᠯ ᠪᠠᠯᠭᠠᠰᠤᠨ ᠤ ᠶᠠᠨ ᠱᠤ᠋ ᠶᠢᠩ ︽ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠵᠢᠱᠢᠶ᠎ᠡ ᠦᠵᠡᠭᠦᠯᠬᠦ ᠡᠷᠦᠬᠡ︾ ᠶᠢᠨ ᠢᠷᠠᠭᠤ ᠠᠯᠳᠠᠷ ᠢ ᠭᠥᠷᠳᠡᠪᠡ
ᠨᠡᠶᠢᠲᠡᠯᠡᠭᠰᠡᠨ ᠴᠠᠭ᠄
2025/2/27
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ︽ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠵᠢᠱᠢᠶ᠎ᠡ ᠦᠵᠡᠭᠦᠯᠬᠦ ᠡᠷᠦᠬᠡ︾ ᠶᠢ ᠰᠢᠯᠭᠠᠷᠠᠭᠤᠯᠤᠭᠰᠠᠨ ᠦᠷ᠎ᠡ ᠳ᠋ᠦᠩ ᠢ ᠨᠡᠶᠢᠲᠡᠯᠡᠵᠦ᠂ ᠪᠠᠭ᠎ᠠ ᠲᠦᠷᠭᠡᠨ ᠭᠤᠤᠯ ᠪᠠᠯᠭᠠᠰᠤᠨ ᠤ ᠲᠡᠯᠡᠶ ᠲᠣᠰᠬᠤᠨ ᠠᠶᠢᠯ ᠤᠨ ᠶᠠᠨ ᠱᠤ᠋ ᠶᠢᠩ ᠴᠣᠯᠭᠤᠷᠠᠨ ᠭᠠᠷᠴᠤ᠂ ︽2025 ᠣᠨ ᠤ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠵᠢᠱᠢᠶ᠎ᠡ ᠦᠵᠡᠭᠦᠯᠬᠦ ᠡᠷᠦᠬᠡ︾ ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ᠃
     ᠳᠠᠯᠠᠢ ᠲᠣᠰᠬᠤᠨ ᠠᠶᠢᠯ ᠤᠨ ᠰᠣᠶᠣᠯ ᠤᠨ ᠶᠡᠭᠡ ᠬᠦᠷᠢᠶᠡᠯᠡᠩ 2006 ᠣᠨ ᠳᠤ ᠪᠠᠶᠢᠭᠤᠯᠤᠭᠳᠠᠵᠤ᠂ ᠠᠩᠬᠠᠨ ᠤ ᠬᠤᠭᠤᠴᠠᠭᠠᠨ ᠳᠤ ᠵᠥᠪᠬᠡᠨ ᠤᠳᠬ᠎ᠠ ᠤᠷᠠᠯᠢᠭ ᠲᠤ ᠪᠠᠭ᠋ᠠᠲᠠᠢ 5 ᠲᠤᠰᠬᠤᠨ ᠤ ᠠᠷᠠᠳ ᠣᠷᠣᠯᠴᠠᠭᠰᠠᠨ ᠪᠥᠭᠡᠳ ᠠᠵᠢᠯᠯᠠᠭ᠎ᠠ ᠶᠢᠨ ᠬᠡᠯᠪᠡᠷᠢ ᠶᠢᠨ ᠠᠭᠤᠯᠭ᠎ᠠ ᠨᠢ ᠨᠡᠯᠢᠶᠡᠳ ᠳᠠᠩ ᠴᠤᠯᠭᠤᠢ ᠪᠠᠶᠢᠵᠤ᠂ ᠤᠶᠢᠷ᠎ᠠ ᠶᠢᠨ ᠵᠢᠯ ᠳᠤ ᠢᠦᠢ ᠴᠢᠤᠸᠠᠨ ᠲᠣᠭᠤᠷᠢᠭ ᠤᠨ ᠰᠣᠶᠣᠯ ᠤᠨ ᠣᠷᠳᠣᠨ ᠪᠣᠯᠤᠨ ᠪᠠᠭ᠎ᠠ ᠲᠦᠷᠭᠡᠨ ᠭᠤᠣᠯ ᠪᠠᠯᠭᠠᠰᠤᠨ ᠤ ᠶᠡᠷᠦᠩᠬᠡᠶᠢᠯᠡᠭᠰᠡᠨ ᠰᠣᠶᠣᠯ ᠤᠨ ᠥᠷᠲᠡᠭᠡᠨ ᠤ ᠵᠢᠯᠣᠭᠤᠳᠤᠯᠭ᠎ᠠ ᠳᠣᠣᠷ᠎ᠠ᠂ ᠰᠣᠶᠣᠯ ᠤᠨ ᠠᠵᠢᠯᠯᠠᠭ᠎ᠠ ᠨᠢ ᠶᠠᠪᠤᠬᠤ ᠳᠣᠳᠣᠮ ᠤᠯᠠᠰᠢᠷᠠᠵᠤ᠂ ᠠᠵᠢᠯᠯᠠᠭ᠎ᠠ ᠶᠢᠨ ᠠᠭᠤᠯᠭ᠎ᠠ ᠨᠢ ᠴᠦ ᠤᠯᠠᠮ ᠠᠴᠠ ᠤᠯᠠᠮ ᠪᠠᠶᠠᠯᠢᠭ ᠪᠣᠯᠵᠤ᠂ ᠤᠳᠬ᠎ᠠ ᠤᠷᠠᠯᠢᠭ ᠲᠤ ᠳᠤᠷᠠᠲᠠᠢ ᠨᠡᠩ ᠣᠯᠠᠨ ᠲᠤᠰᠬᠤᠨ ᠤ ᠠᠷᠠᠳ ᠪᠠᠰᠠ ᠲᠡᠯᠡᠶ ᠲᠣᠰᠬᠤᠨ ᠠᠶᠢᠯ ᠤᠨ ᠰᠣᠶᠣᠯ ᠤᠨ ᠶᠡᠭᠡ ᠬᠦᠷᠢᠶᠡᠯᠡᠩ ᠳᠤ ᠣᠷᠣᠯᠴᠠᠪᠠ᠃ ᠶᠠᠨ ᠱᠤ᠋ ᠶᠢᠩ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠮᠠᠯᠴᠢᠨ ᠲᠠᠷᠢᠶᠠᠴᠢᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ᠂ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ᠂ ᠰᠣᠶᠣᠯ ᠤᠨ ᠰᠣᠯᠢᠯᠴᠠᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃
     ᠲᠣᠰ ᠤᠳᠠᠭᠠᠨ ᠤ ︽ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠵᠢᠱᠢᠶ᠎ᠡ ᠦᠵᠡᠭᠦᠯᠬᠦ ᠡᠷᠦᠬᠡ︾ ᠶᠢᠨ ᠰᠢᠯᠭᠠᠷᠠᠭᠤᠯᠤᠯᠲᠠ ᠨᠢ ᠡᠲᠡᠭᠡᠷ ᠬᠡᠷ ᠪᠦᠯᠢ ᠶᠢᠨ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ ᠭᠠᠷᠭᠠᠭᠰᠠᠨ ᠴᠢᠷᠮᠠᠶᠢᠯᠭ᠎ᠠ ᠶᠢ ᠳᠡᠭᠡᠳᠦ ᠬᠡᠮᠵᠢᠶ᠎ᠡ ᠪᠠᠷ ᠮᠡᠳᠡᠷᠡᠭᠰᠡᠨ ᠢᠶᠠᠷ ᠪᠠᠷᠠᠬᠤ ᠥᠬᠡᠶ ᠪᠠᠰᠠ ᠪᠥᠬᠦ ᠣᠷᠣᠨ ᠳᠤ ᠥᠯᠢᠭᠡᠷ ᠳᠠᠭᠤᠷᠢᠶᠠᠯ ᠪᠣᠯᠤᠭᠰᠠᠨ ᠪᠠᠶᠢᠨ᠎ᠠ᠃ ᠬᠤᠶᠢᠰᠢᠳᠠ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠨᠠᠩ ᠣᠯᠠᠨ ᠮᠠᠯᠴᠢᠨ ᠲᠠᠷᠢᠶᠠᠴᠢᠨ ᠢ ᠳᠠᠶᠢᠴᠢᠯᠠᠨ ᠰᠣᠶᠣᠯ ᠤᠨ ᠪᠠᠶᠢᠭᠤᠯᠤᠯᠲᠠ ᠳᠤ ᠣᠷᠣᠯᠴᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠴᠡᠴᠡᠭᠯᠡᠨ ᠬᠥᠭᠵᠢᠬᠦ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号