ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ ︽ᠭᠤᠷᠪᠠᠳᠤᠭᠠᠷ ᠤᠳᠠᠭᠠᠨ ᠤ ᠪᠥᠬᠦ ᠣᠷᠣᠨ ᠤ ᠰᠢᠶᠠᠩ ᠪᠠᠯᠭᠠᠰᠤ ᠰᠤᠮᠤ ︵ᠵᠡᠭᠡᠯᠢ ᠭᠤᠳᠤᠮᠵᠢ︶ ᠶᠢᠨ | ᠶᠡᠷᠦᠩᠬᠡᠶᠢᠯᠡᠭᠰᠡᠨ ᠰᠣᠶᠣᠯ ᠤᠨ ᠥᠷᠲᠡᠭᠡ ᠶᠢ ᠦᠨᠡᠯᠡᠨ ᠵᠢᠱᠢᠵᠦ ᠳᠡᠰ ᠲᠣᠭᠲᠠᠭᠠᠭᠰᠠᠨ ᠳᠡᠭᠡᠳᠦ ᠲᠠᠰ ᠤᠨ | ᠰᠣᠶᠣᠯ ᠤᠨ ᠥᠷᠲᠡᠭᠡ ᠶᠢᠨ ᠨᠡᠷᠡᠰ︾ ᠢ ᠨᠡᠶᠢᠲᠡᠯᠡᠪᠡ᠃ ᠢᠦᠶ ᠴᠢᠤᠸᠠᠨ ᠲᠣᠭᠤᠷᠢᠭ ᠭᠤᠷᠪᠠᠳᠤᠭᠠᠷ ᠤᠳᠠᠭᠠᠨ ᠤ | ᠪᠥᠬᠦ ᠣᠷᠣᠨ ᠤ ᠰᠢᠶᠠᠩ ᠪᠠᠯᠭᠠᠰᠤ ᠰᠤᠮᠤ ︵ᠵᠡᠭᠡᠯᠢ ᠭᠤᠳᠤᠮᠵᠢ︶ ᠶᠢᠨ ᠶᠡᠷᠦᠩᠬᠡᠶᠢᠯᠡᠭᠰᠡᠨ ᠰᠣᠶᠣᠯ ᠤᠨ | ᠥᠷᠲᠡᠭᠡ ᠶᠢᠨ ᠦᠨᠡᠯᠡᠨ ᠵᠢᠱᠢᠬᠦ ᠠᠵᠢᠯ ᠤᠨ ᠳᠤᠮᠳᠠ ᠰᠢᠯᠢᠳᠡᠭ ᠠᠮᠵᠢᠯᠲᠠ ᠣᠯᠵᠤ᠂ ᠰᠢᠩ ᠯᠦᠩ ᠭᠤᠲᠤᠮᠵᠢ ᠶᠢᠨ | ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠰᠣᠶᠣᠯ ᠤᠨ ᠥᠷᠲᠡᠭᠡ ︽ᠨᠢᠭᠡᠳᠦᠭᠡᠷ ᠳᠡᠰ ᠤᠨ ᠶᠡᠷᠦᠩᠬᠡᠶᠢᠯᠡᠭᠰᠡᠨ | ᠰᠣᠶᠣᠯ ᠤᠨ ᠥᠷᠲᠡᠭᠡ︾ ᠪᠠᠷ ᠦᠨᠡᠯᠡᠭᠳᠡᠵᠦ᠂ ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ | ᠰᠣᠶᠣᠯ ᠤᠨ ᠥᠷᠲᠡᠭᠡ ︽ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠰᠣᠶᠣᠯ ᠤᠨ ᠥᠷᠲᠡᠭᠡ︾ ᠪᠠᠷ ᠦᠨᠡᠯᠡᠭᠳᠡᠪᠡ᠃ | | | | | | | | | | | ᠲᠣᠰ ᠤᠳᠠᠭᠠᠨ ᠤ ᠦᠨᠡᠯᠡᠨ ᠵᠢᠱᠢᠵᠦ ᠲᠠᠰ ᠲᠣᠭᠲᠠᠭᠠᠭᠰᠠᠨ ᠶᠠᠪᠤᠳᠠᠯ ᠪᠣᠯ ᠦᠨᠳᠦᠰᠦᠨ ᠱᠠᠲᠤᠨ ᠤ ᠣᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢᠨ ᠨᠢᠭᠡ | ᠤᠳᠠᠭᠠᠨ ᠤ ᠪᠥᠬᠦ ᠲᠠᠯ᠎ᠠ ᠶᠢᠨ ᠰᠢᠯᠭᠠᠯᠲᠠ ᠪᠣᠯᠤᠨ᠎ᠠ᠃ ᠢᠦᠶ ᠴᠢᠤᠸᠠᠨ ᠲᠣᠭᠤᠷᠢᠭ ᠤᠨ ᠬᠢᠨ ᠰᠠᠭᠤᠷᠢ | ᠲᠥᠬᠦᠭᠡᠷᠦᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ | ᠠᠵᠢᠯᠯᠠᠭ᠎ᠠ ᠶᠢᠨ ᠰᠣᠶᠣᠯ ᠤᠨ ᠠᠭᠤᠯᠭ᠎ᠠ ᠶᠢ ᠪᠠᠶᠠᠯᠢᠭᠵᠢᠭᠤᠯᠬᠤ ᠪᠠᠷ ᠳᠠᠮᠵᠢᠭᠤᠯᠤᠨ᠂ ᠦᠨᠳᠦᠰᠦᠨ ᠱᠠᠲᠤᠨ ᠤ | ᠰᠣᠶᠣᠯ ᠤᠨ ᠪᠠᠶᠢᠭᠤᠯᠤᠯᠲᠠ ᠶᠢᠨ ᠢᠯᠡᠳᠲᠡ ᠦᠷ᠎ᠡ ᠪᠦᠲᠦᠭᠡᠯ ᠢ ᠢᠯᠡᠷᠡᠭᠦᠯᠪᠡ᠃ ᠳᠠᠷᠠᠭᠠᠴᠢ ᠶᠢᠨ ᠠᠯᠬᠤᠮ ᠳᠤ᠂ | ᠢᠦᠢ ᠴᠢᠤᠸᠠᠨ ᠲᠣᠭᠤᠷᠢᠭ ᠤᠨ ᠬᠢᠨ ︽ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ᠂ ᠰᠣᠶᠣᠯ ᠢᠶᠠᠷ ᠠᠷᠠᠳ ᠲᠤ | ᠦᠢᠯᠡᠴᠢᠯᠡᠭᠦᠯᠬᠦ︾ ᠪᠠᠷ ᠵᠠᠷᠴᠢᠮ ᠪᠣᠯᠭᠠᠵᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ | ᠦᠢᠯᠡᠰ ᠤᠨ ᠬᠥᠭᠵᠢᠯᠲᠡ ᠶᠢ ᠦᠷᠭᠦᠯᠵᠢᠯᠡᠨ ᠰᠠᠶᠢᠲᠤᠷ ᠠᠳᠬᠤᠵᠤ᠂ ᠰᠣᠶᠣᠯ ᠤᠨ ᠥᠷᠲᠡᠭᠡ ᠶᠢᠨ ᠪᠠᠶᠢᠭᠤᠯᠤᠯᠲᠠ᠂ | ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠣᠰ ᠤᠳᠠᠭᠠᠨ ᠤ ᠳᠡᠰ | ᠲᠤ ᠤᠷᠤᠭᠰᠠᠨ ᠦᠭᠡᠢ ᠰᠣᠶᠣᠯ ᠤᠨ ᠥᠷᠲᠡᠭᠡ ᠶᠢ ᠮᠦᠷᠳᠡᠨ ᠦᠷ᠎ᠡ ᠪᠦᠲᠦᠮᠵᠢ ᠶᠢ ᠠᠰᠠᠭᠤᠵᠤ᠂ ᠣᠷᠬᠢᠭᠳᠠᠯ ᠢ | ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ︽ᠦᠨᠡᠯᠡᠯᠲᠡ ᠪᠠᠷ ᠪᠠᠶᠢᠭᠤᠯᠤᠯᠲᠠ ᠶᠢ ᠠᠬᠢᠭᠤᠯᠬᠤ︾ ᠪᠠᠷ | ᠳᠠᠮᠵᠢᠭᠤᠯᠤᠨ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠦᠴᠦᠨ | ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠢᠦᠢ ᠴᠢᠤᠸᠠᠨ ᠲᠣᠭᠤᠷᠢᠭ ᠤᠨ ᠣᠯᠠᠨ ᠨᠡᠶᠢᠲᠡ ᠶᠢᠨ | ᠰᠣᠶᠣᠯ ᠤᠨ ᠦᠢᠯᠡᠰ ᠤᠨ ᠬᠤᠲᠠ ᠬᠥᠳᠡᠭᠡ ᠶᠢᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠦᠨᠳᠦᠰᠦᠨ | ᠱᠠᠲᠤᠨ ᠤ ᠣᠯᠠᠨ ᠲᠦᠮᠡᠨ ᠤ ᠣᠶᠤᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ᠂ | ᠨᠠᠩ ᠰᠢᠯᠢᠳᠡᠭ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠨ᠎ᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |