ᠢᠦᠢ ᠴᠢᠤᠸᠠᠨ ᠲᠣᠭᠤᠷᠢᠭ ᠤᠨ 2024 ᠣᠨ ᠤ ᠪᠦᠬᠦ ᠵᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠵᠠᠳᠠᠯᠤᠯᠲᠠ
ᠨᠡᠶᠢᠲᠡᠯᠡᠭᠰᠡᠨ ᠴᠠᠭ᠄
2025/2/5
     2024 ᠣᠨ ᠳᠤ᠂ ᠪᠦᠬᠦ ᠲᠤᠭᠤᠷᠢᠭ ᠢᠶᠠᠷ ᠢᠶᠠᠨ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠠᠵᠤ ᠠᠬᠤᠢ ᠶᠢᠨ ᠠᠵᠢᠯ ᠤᠨ ᠬᠤᠷᠠᠯ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠪᠦᠬᠦ ᠲᠤᠭᠤᠷᠢᠭ ᠤᠨ ᠠᠵᠤ ᠠᠬᠤᠢ ᠶᠢᠨ ᠠᠵᠢᠯᠯᠠᠭᠠᠨ ᠲᠣᠭᠲᠠᠭᠤᠨ ᠤ ᠳᠤᠮᠳᠠ ᠰᠠᠶᠢᠵᠢᠷᠠᠵᠤ᠂ ᠰᠢᠨ᠎ᠡ ᠬᠥᠭᠵᠢᠯᠲᠡ ᠶᠢᠨ ᠬᠠᠨᠳᠤᠰᠢ ᠲᠠᠢ ᠪᠣᠯᠪᠠ᠃      ᠨᠢᠭᠡ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ      ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠢᠦᠶ ᠴᠢᠤᠸᠠᠨ ᠲᠣᠭᠤᠷᠢᠭ ᠤᠨ 2024 ᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 6.7% ᠪᠠᠷ ︵ᠲᠣᠭᠲᠠᠮᠠᠯ ᠦᠨ᠎ᠡ︶ ᠨᠡᠮᠡᠭᠳᠡᠵᠦ᠂ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠳᠦᠴᠡ ᠶᠢᠨ ᠬᠠᠷᠢᠴᠠᠯ ᠨᠢ 1.0᠄ 33.3᠄ 65.7 ᠪᠣᠯᠤᠨ᠎ᠠ᠃      ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ      2024 ᠣᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 7.4% ᠪᠠᠷ ᠨᠡᠮᠡᠭᠳᠡᠪᠡ᠃ ᠪᠦᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 2.8% ᠪᠠᠷ ᠪᠠᠭᠤᠷᠠᠪᠠ᠃ ᠠᠵᠢᠯ ᠲᠦᠷᠦᠯ ᠢᠶᠠᠷ ᠬᠤᠪᠢᠶᠠᠵᠤ ᠦᠵᠡᠪᠡᠯ᠂ ᠲᠠᠮᠠᠬᠢᠨ ᠤ ᠪᠦᠲᠦᠭᠡᠭᠳᠡᠬᠦᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 5.3% ᠪᠠᠷ ᠪᠠᠭᠤᠷᠠᠪᠠ︔ ᠢᠳᠡᠭᠡᠨ ᠤ ᠦᠢᠯᠡᠳᠬᠡᠯ ᠤᠨ ᠦᠢᠯᠡᠰ ᠠᠳᠠᠯᠢ ᠬᠤᠭᠤᠴᠠᠭᠠᠨ ᠤ ᠬᠢ ᠠᠴᠠ 7.4% ᠪᠠᠷ ᠪᠠᠭᠤᠷᠠᠪᠠ︔ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠦᠢᠯᠡᠳᠬᠦᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 30.0% ᠪᠠᠷ ᠨᠡᠮᠡᠭᠳᠡᠪᠡ︔ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 3.8% ᠪᠠᠷ ᠪᠠᠭᠤᠷᠠᠪᠠ︔ ᠨᠡᠬᠡᠮᠡᠯ ᠬᠤᠪᠴᠠᠰᠤ ᠵᠠᠰᠠᠯ ᠤᠨ ᠦᠢᠯᠡᠰ ᠠᠳᠠᠯᠢ ᠬᠤᠭᠤᠴᠠᠭᠠᠨ ᠤ ᠬᠢ ᠠᠴᠠ 22.9% ᠪᠠᠷ ᠨᠡᠮᠡᠭᠳᠡᠪᠡ᠃      ᠭᠤᠷᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ      2024 ᠣᠨ ᠳᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 20.1% ᠪᠠᠷ ᠨᠡᠮᠡᠭᠳᠡᠪᠡ᠃      2024 ᠣᠨ ᠳᠤ᠂ ᠪᠠᠯᠠ ᠣᠷᠣᠭᠤᠯᠤᠯᠲᠠ ᠶᠢᠨ ᠬᠦᠷᠢᠶᠡᠨ ᠠᠴᠠ ᠦᠵᠡᠪᠡᠯ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 6.0% ᠪᠠᠷ ᠨᠡᠮᠡᠭᠳᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 32.3% ᠪᠠᠷ ᠨᠡᠮᠡᠭᠳᠡᠪᠡ᠃ ᠪᠡᠯᠡ ᠣᠷᠣᠭᠤᠯᠤᠯᠲᠠ ᠶᠢᠨ ᠭᠤᠣᠯ ᠴᠣᠭᠴᠠ ᠠᠴᠠ ᠦᠵᠡᠪᠡᠯ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 5.4% ᠪᠠᠷ ᠪᠠᠭᠤᠷᠠᠪᠠ︔ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 64.7% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 330.2% ᠢᠶᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 19.3% ᠪᠠᠷ ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 26.0% ᠪᠠᠷ ᠨᠡᠮᠡᠭᠳᠡᠪᠡ᠃      ᠳᠥᠷᠪᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ      2024 ᠣᠨ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 149.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠪᠡ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 52.4% ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠬᠡᠯᠪᠡᠷᠢ ᠠᠴᠠ ᠦᠵᠡᠪᠡᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 55.8% ᠪᠠᠷ ᠨᠡᠮᠡᠭᠳᠡᠪᠡ︔ ᠬᠢᠵᠠᠭᠠᠷᠯᠠᠭᠰᠠᠨ ᠳᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 12.0% ᠢᠶᠠᠷ ᠨᠡᠮᠡᠭᠳᠡᠪᠡ᠃      ᠲᠠᠪᠤ᠂ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ      2024 ᠣᠨ ᠳᠤ᠂ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 54575 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠪᠡ᠃      ᠵᠢᠷᠭᠤᠭ᠎ᠠ᠂ ᠳᠠᠭᠠᠯᠲᠠ ᠲᠠᠶᠢᠯᠪᠤᠷᠢ ᠮᠠᠨ ᠤ ᠤᠯᠤᠰ ᠤᠨ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠲᠦᠷᠢᠮ ᠪᠠ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ 2023 ᠣᠨ ᠤ ᠢᠦᠶ ᠴᠢᠤᠸᠠᠨ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠤ ᠵᠠᠰᠠᠪᠤᠷᠢ ᠣᠷᠣᠭᠤᠯᠤᠭᠰᠠᠨ ᠨᠢ 440.1 ᠳ᠋ᠦᠩᠰᠢᠭᠤᠷ ᠲᠥᠭᠦᠷᠢᠭ ᠪᠣᠯᠤᠨ᠎ᠠ᠃        ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号