3 ᠳ᠋ᠤᠭᠠᠷ ᠰᠠᠷ᠎ᠠ ᠶᠢᠨ 7 ᠤ ᠡᠳᠦᠷ᠂ ᠢᠦᠢ ᠴᠢᠤᠸᠠᠨ ᠲᠣᠭᠤᠷᠢᠭ ᠠᠷᠠᠳ ᠤᠨ ᠵᠡᠪᠰᠡᠭᠲᠦ ᠬᠦᠴᠦᠨ ᠤ | ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠳᠤ ᠭᠠᠷᠬᠤ ᠶᠢ ᠨᠡᠶᠢᠲᠡᠯᠡᠬᠦ ᠶᠡᠭᠡ ᠬᠤᠷᠠᠯ | ᠬᠤᠷᠠᠯᠳᠤᠭᠤᠯᠪᠠ᠃ ᠬᠤᠷᠠᠯ ᠳᠡᠭᠡᠷ᠎ᠡ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠰᠡᠷᠭᠡᠶᠢᠯᠡᠯᠲᠡ ᠶᠢᠨ ᠲᠣᠭᠤᠷᠢᠭ ᠤᠨ ᠠᠬᠠᠯᠠᠬᠤ ᠬᠤᠷᠠᠩᠳᠠ ᠶᠢᠨ ᠵᠠᠬᠢᠷᠭᠠᠨ ᠤ ᠳᠠᠷᠤᠭ᠎ᠠ ᠴᠢᠨ ᠸᠠᠨ ᠵᠢᠶᠠᠩ ᠲᠤᠰᠢᠶᠠᠯ | ᠬᠠᠷᠢᠭᠤᠴᠠᠬᠤ ᠮᠡᠳᠡᠭᠳᠡᠯ ᠢ ᠨᠡᠶᠢᠲᠡᠯᠡᠵᠦ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢᠦ ᡁᠢ ᠴᠢᠶᠠᠩ | ᠨᠥᠬᠦᠷ ᠢᠦᠢ ᠴᠢᠤᠸᠠᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶ᠎ᠠ ᠶᠢᠨ | ᠨᠢᠭᠡᠳᠦᠭᠡᠷ ᠱᠦᠵᠢ ᠶᠢᠨ ᠲᠤᠰᠢᠶᠠᠯ ᠢ ᠬᠠᠷᠢᠭᠤᠴᠠᠭᠰᠠᠨ ᠪᠥᠭᠡᠳ ᠲᠤᠰᠢᠶᠠᠯ ᠬᠠᠷᠢᠭᠤᠴᠠᠬᠤ ᠮᠡᠳᠡᠭᠳᠡᠯ ᠤᠨ ᠪᠢᠴᠢᠭ | ᠭᠠᠷᠳᠠᠭᠤᠯᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠠᠴᠠ | ᠵᠡᠪᠰᠡᠭᠲᠦ ᠬᠦᠴᠦᠨ ᠢ ᠬᠠᠮᠢᠶᠠᠷᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ︔ | ᠨᠢᠭᠡᠳᠦᠯᠲᠡᠢ ᠲᠥᠯᠥᠪᠵᠢᠭᠦᠯᠬᠦ ᠶᠢ ᠴᠢᠬᠤᠯᠠᠴᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︔ ᠪᠠᠲᠤᠯᠠᠭ᠎ᠠ ᠶᠢ | ᠴᠢᠩᠭᠠᠳᠬᠠᠵᠤ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠳᠠᠬᠢᠨᠲᠠ | ᠰᠢᠯᠢᠳᠡᠭ ᠠᠮᠵᠢᠯᠲᠠ ᠶᠢ ᠡᠭᠦᠳᠬᠦ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠰᠢᠨ᠎ᠡ ᠴᠠᠭ ᠦᠶ᠎ᠡ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ | ᠠᠵᠢᠯ ᠢ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠠᠴᠠ ᠵᠡᠪᠰᠡᠭᠲᠦ | ᠬᠦᠴᠦᠨ ᠢ ᠬᠠᠮᠢᠶᠠᠷᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ︔ ᠲᠠᠶᠢᠴᠢᠯᠠᠯᠲᠠ ᠳᠤ | ᠠᠩᠬᠠᠷᠤᠯ ᠢᠶᠠᠨ ᠲᠦᠪᠯᠡᠷᠡᠭᠦᠯᠵᠦ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠦᠢᠯᠡᠳᠦᠯᠭᠡ ᠶᠢᠨ ᠴᠢᠭᠯᠡᠯ ᠢ | ᠣᠨᠣᠪᠴᠢᠲᠠᠢ ᠡᠵᠡᠮᠳᠡᠬᠦ ᠬᠡᠷᠡᠭᠲᠡᠢ︔ ᠰᠡᠳᠬᠢᠯ ᠢᠶᠠᠨ ᠨᠢᠭᠡᠳᠬᠡᠨ ᠴᠢᠭᠯᠡᠯ ᠢᠶᠠᠨ ᠬᠠᠮᠲᠤᠳᠬᠠᠬᠤ ᠶᠢ ᠪᠠᠷᠢᠮᠲᠠᠯᠠᠵᠤ᠂ | ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ | ᠬᠡᠷᠡᠭᠲᠡᠢ᠃ | ᠬᠤᠯᠪᠣᠭᠳᠠᠯ ᠪᠦᠬᠦᠢ ᠲᠣᠭᠤᠷᠢᠭ ᠤᠨ ᠳᠡᠰ ᠤᠨ ᠤᠳᠤᠷᠢᠳᠤᠯᠭ᠎ᠠ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ᠂ ᠪᠠᠭ᠎ᠠ ᠲᠦᠷᠭᠡᠨ ᠭᠤᠤᠯ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ | ᠵᠡᠪᠰᠡᠭᠲᠦ ᠬᠦᠴᠦᠨ ᠤ ᠶᠠᠮᠤᠨ ᠤ ᠰᠠᠶᠢᠳ᠂ ᠲᠤᠰᠬᠠᠢ ᠮᠡᠷᠭᠡᠵᠢᠯ ᠤᠨ ᠠᠵᠢᠯᠯᠠᠭᠴᠢ᠂ ᠲᠣᠭᠤᠷᠢᠭ ᠲᠤ ᠰᠠᠭᠤᠭ᠎ᠠ | ᠵᠡᠪᠰᠡᠭᠲᠦ ᠴᠠᠭᠳᠠᠭ᠎ᠠ ᠶᠢᠨ ᠲᠥᠯᠥᠭᠡᠯᠡᠭᠴᠢ ᠲᠤᠰ ᠤᠳᠠᠭ᠎ᠠ ᠶᠢᠨ ᠬᠤᠷᠠᠯ ᠳᠤ ᠣᠷᠣᠯᠴᠠᠪᠠ᠃ | ᠬᠤᠷᠠᠯ ᠤᠨ ᠳᠠᠷᠠᠭ᠎ᠠ᠂ ᠬᠠᠮᠢᠶ᠎ᠠ ᠪᠦᠬᠦᠢ ᠬᠠᠷᠢᠭᠤᠴᠠᠯᠭᠠᠲᠠᠨ ᠵᠤᠤ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ | ᠵᠡᠪᠰᠡᠭᠲᠦ ᠬᠦᠴᠦᠨ ᠤ ᠠᠵᠢᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠣᠭᠤᠳᠴᠤ᠂ ᠪᠦᠬᠦ ᠲᠤᠭᠤᠷᠢᠭ ᠤᠨ | ᠵᠡᠪᠰᠡᠭᠲᠦ ᠬᠦᠴᠦᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |