ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ᠂ ᠢᠦᠶ | ᠴᠢᠤᠸᠠᠨ ᠲᠣᠭᠤᠷᠢᠭ ᠤᠨ ᠡᠪᠯᠡᠯ ᠤᠨ ᠬᠤᠷᠢᠶ᠎ᠠ ᠶᠡᠭᠡ ᠵᠣᠣ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠥᠷᠲᠡᠭᠡ ᠲᠠᠢ ᠬᠠᠮᠲᠤᠷᠠᠨ ︽ᠪᠣᠳᠠᠰ ᠤᠨ ᠪᠤᠰᠤ ᠰᠣᠶᠣᠯ ᠤᠨ ᠥᠪ ᠢ | ᠵᠠᠯᠭᠠᠮᠵᠢᠯᠠᠵᠤ ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ︾ ᠭᠤᠤᠯ ᠰᠡᠳᠦᠪᠲᠦ ᠪᠣᠳᠠᠰ ᠤᠨ ᠪᠤᠰᠤ | ᠰᠣᠶᠣᠯ ᠤᠨ ᠥᠪ ᠤᠨ ᠪᠦᠲᠦᠭᠡᠯ ᠤᠨ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠪᠡ᠃ | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠶᠡᠷᠦ ᠪᠤᠰᠤ ᠶᠢᠨ ᠬᠦᠷ ᠬᠥᠭᠵᠢᠶᠡᠨ ᠲᠠᠢ ᠪᠠᠶᠢᠯ᠎ᠠ᠃ ᠠᠷᠠᠰᠤᠨ | ᠬᠠᠭᠠᠷᠢᠭᠰᠠᠨ ᠵᠢᠷᠤᠭ᠂ ᠮᠣᠩᠭᠤᠯ ᠬᠠᠳᠬᠤᠮᠠᠯ᠂ ᠥᠪᠥᠷ ᠮᠣᠩᠭᠤᠯ ᠤᠨ ᠤᠨᠴᠠᠯᠢᠬᠳᠤ ᠰᠣᠶᠣᠯ ᠤᠨ | ᠡᠭᠦᠳᠦᠯᠲᠡ ᠶᠢᠨ ᠪᠦᠲᠦᠭᠡᠯ᠂ ᠮᠣᠩᠭᠤᠯ ᠬᠤᠪᠴᠠᠰᠤ ᠵᠠᠰᠠᠯ ᠤᠨ ᠦᠵᠡᠭᠦᠯᠦᠯᠭᠡ ᠵᠡᠷᠭᠡ ᠣᠯᠠᠨ ᠪᠣᠳᠠᠰ ᠤᠨ ᠪᠤᠰᠤ | ᠰᠣᠶᠣᠯ ᠤᠨ ᠥᠪ ᠤᠨ ᠲᠥᠷᠥᠯ ᠵᠦᠢᠯ ᠨᠢᠭᠡ ᠲᠠᠩᠬᠢᠮ ᠳᠤ ᠴᠤᠭᠯᠠᠷᠠᠵᠤ᠂ ᠤᠯᠠᠮᠵᠢᠯᠠᠭᠴᠢ ᠲᠤᠬᠠᠶ ᠶᠢᠨ | ᠲᠠᠯᠠᠪᠠᠶ ᠳᠤ ᠳᠡᠯᠭᠡᠨ ᠦᠵᠡᠭᠦᠯᠬᠦ᠂ ᠬᠠᠷᠢᠯᠴᠠᠨ ᠬᠥᠳᠡᠯᠦᠯᠴᠡᠵᠦ ᠵᠢᠭᠠᠨ ᠰᠤᠷᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠰᠠᠭᠤᠭᠠᠯᠢ ᠠᠷᠠᠳ ᠲᠤ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠵᠢᠭᠠᠵᠤ | ᠥᠭᠪᠡ᠃ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠲᠣᠭᠤᠷᠢᠨ ᠦᠵᠡᠵᠦ᠂ ᠨᠠᠷᠢᠯᠢᠭ ᠰᠠᠶᠢᠬᠠᠨ | ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠯ ᠢ ᠮᠠᠭᠲᠠᠨ ᠰᠠᠶᠢᠰᠢᠶᠠᠵᠤ ᠪᠠᠶᠢᠯ᠎ᠠ᠃ ᠡᠭᠦᠨ ᠤ ᠬᠠᠮᠲᠤ᠂ | ᠲᠤᠬᠠᠶ ᠶᠢᠨ ᠲᠠᠯᠠᠪᠤᠷ ᠲᠤ ᠪᠠᠰᠠ ᠪᠣᠳᠠᠰ ᠤᠨ ᠪᠤᠰᠤ ᠰᠣᠶᠣᠯ ᠤᠨ ᠮᠡᠳᠡᠯᠭᠡ ᠶᠢᠨ ᠤᠬᠠᠭᠤᠯᠤᠭᠴᠢ ᠣᠨᠴᠠᠭᠠᠶᠢᠯᠠᠨ | ᠣᠷᠣᠯᠴᠠᠵᠤ᠂ ᠰᠠᠭᠤᠭᠠᠯᠢ ᠠᠷᠠᠳ ᠲᠤ ᠪᠣᠳᠠᠰ ᠤᠨ ᠪᠤᠰᠤ ᠰᠣᠶᠣᠯ ᠤᠨ ᠮᠡᠳᠡᠯᠭᠡ ᠶᠢ ᠲᠠᠶᠢᠯᠪᠤᠷᠢᠯᠠᠨ ᠥᠭᠴᠦ᠂ | ᠰᠠᠭᠤᠭᠠᠯᠢ ᠠᠷᠠᠳ ᠤᠨ ᠠᠰᠠᠭᠤᠯᠲᠠ ᠶᠢ ᠬᠠᠷᠢᠭᠤᠯᠵᠤ᠂ ᠣᠯᠠᠨ ᠳᠤ ᠪᠣᠳᠠᠰ ᠤᠨ ᠪᠤᠰᠤ ᠰᠣᠶᠣᠯ ᠤᠨ | ᠠᠭᠤᠯᠤᠭᠳᠠᠬᠤᠨ ᠪᠠ ᠦᠨ᠎ᠡ ᠥᠷᠲᠡᠭ ᠢ ᠨᠠᠩ ᠭᠦᠨᠵᠡᠭᠡᠶ ᠣᠶᠢᠯᠠᠭᠠᠭᠤᠯᠪᠠ᠃ | | | | | ᠲᠣᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢ | ᠪᠣᠳᠠᠰ ᠤᠨ ᠪᠤᠰᠤ ᠰᠣᠶᠣᠯ ᠤᠨ ᠤᠯᠠᠮᠵᠢᠯᠠᠯ ᠳᠤ ᠠᠭᠤᠰᠬᠠᠨ ᠣᠷᠣᠭᠤᠯᠵᠤ᠂ ᠠᠯᠤᠰ ᠬᠡᠲᠦ ᠶᠢᠨ ᠨᠥᠯᠥᠭᠡ ᠪᠠ | ᠴᠢᠬᠤᠯᠠ ᠠᠴᠢ ᠬᠤᠯᠪᠣᠭᠳᠠᠯ ᠲᠠᠢ ᠶᠤᠮ᠃ ᠰᠣᠶᠣᠯ ᠢ ᠤᠯᠠᠮᠵᠢᠯᠠᠨ ᠵᠠᠯᠭᠠᠮᠵᠢᠯᠠᠬᠤ ᠲᠠᠯ᠎ᠠ ᠠᠴᠠ ᠦᠵᠡᠪᠡᠯ᠂ | ᠪᠣᠳᠠᠰ ᠤᠨ ᠪᠤᠰᠤ ᠰᠣᠶᠣᠯ ᠤᠨ ᠥᠪ ᠪᠣᠯ ᠳᠤᠮᠳᠠᠳᠤ ᠶᠢᠨ ᠦᠨᠳᠦᠰᠦᠲᠡᠨ ᠤ ᠦᠨᠡᠲᠦ ᠡᠷᠳᠡᠨᠢ ᠮᠥᠨ᠂ ᠡᠯᠪᠡᠭ | ᠪᠠᠶᠠᠯᠢᠭ ᠲᠡᠦᠬᠡ ᠶᠢᠨ ᠳᠤᠷᠠᠰᠤᠮᠵᠢ ᠪᠠ ᠰᠣᠶᠣᠯ ᠤᠨ ᠭᠧᠨ ᠢ ᠠᠴᠢᠶᠠᠯᠠᠵᠤ ᠪᠠᠶᠢᠳᠠᠭ᠃ ᠲᠣᠰ ᠤᠳᠠᠭᠠᠨ ᠤ | ᠠᠵᠢᠯᠯᠠᠭ᠎ᠠ ᠨᠢ ᠨᠠᠩ ᠣᠯᠠᠨ ᠰᠠᠭᠤᠭᠠᠯᠢ ᠠᠷᠠᠳ ᠢ ᠪᠣᠳᠠᠰ ᠤᠨ ᠪᠤᠰᠤ ᠰᠣᠶᠣᠯ ᠤᠨ ᠥᠪ ᠲᠠᠢ ᠣᠶᠢᠷᠠᠲᠤᠭᠤᠯᠵᠤ᠂ | ᠪᠣᠳᠠᠰ ᠤᠨ ᠪᠤᠰᠤ ᠰᠣᠶᠣᠯ ᠤᠨ ᠥᠪ ᠢ ᠣᠶᠢᠯᠠᠭᠠᠭᠤᠯᠵᠤ᠂ ᠣᠯᠠᠨ ᠤ ᠪᠣᠳᠠᠰ ᠤᠨ ᠪᠤᠰᠤ ᠰᠣᠶᠣᠯ ᠤᠨ ᠳᠤᠷ᠎ᠠ | ᠰᠣᠨᠢᠷᠬᠠᠯ ᠪᠠ ᠬᠠᠶᠢᠷ᠎ᠠ ᠰᠡᠳᠬᠢᠯᠭᠡ ᠶᠢ ᠬᠥᠭᠵᠢᠭᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠪᠠ | ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ ᠨᠡᠶᠢᠭᠡᠮ ᠤᠨ ᠨᠥᠯᠥᠭᠡ ᠶᠢᠨ ᠲᠠᠯ᠎ᠠ ᠪᠠᠷ᠂ | ᠠᠵᠢᠯᠯᠠᠭ᠎ᠠ ᠨᠢ ᠯᠸᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠬᠤ ᠪᠠᠷ ᠠᠵᠠ ᠲᠣᠬᠢᠶᠠᠯ ᠪᠣᠯᠭᠠᠵᠤ᠂ ᠰᠠᠶᠢᠨ | ᠳᠤᠷ᠎ᠠ ᠶᠢᠨ ᠦᠢᠯᠡᠴᠢᠯᠡᠭᠴᠢᠳ ᠢᠳᠡᠪᠬᠢᠲᠡᠢ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠯᠸᠢ ᠹᠧᠩ ᠤᠨ ᠵᠣᠷᠢᠭ | ᠰᠠᠨᠠᠭ᠎ᠠ ᠶᠢ ᠦᠢᠯᠡᠳᠦᠯᠭᠡᠵᠢᠭᠦᠯᠵᠦ᠂ ᠬᠠᠶᠢᠷ᠎ᠠ ᠬᠠᠯᠠᠮᠵᠢ ᠪᠣᠯᠤᠨ ᠬᠠᠯᠠᠭᠤᠨ ᠳᠤᠯᠠᠭᠠᠨ ᠢ ᠳᠠᠮᠵᠢᠭᠤᠯᠵᠤ᠂ ᠬᠠᠷᠢᠯᠴᠠᠨ | ᠬᠠᠪᠰᠤᠷᠤᠯᠴᠠᠬᠤ᠂ ᠢᠳᠡᠪᠬᠢᠲᠡᠢ ᠥᠭᠡᠳᠡᠯᠡᠨ ᠲᠠᠪᠰᠢᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ | ᠪᠣᠯᠭᠠᠪᠠ᠃ ᠡᠶᠢᠮᠦᠷᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠪᠣᠯᠤᠨ ᠪᠣᠳᠠᠰ ᠤᠨ ᠪᠤᠰᠤ | ᠰᠣᠶᠣᠯ ᠤᠨ ᠥᠪ ᠤᠨ ᠰᠣᠶᠣᠯ ᠳᠤ ᠠᠭᠤᠯᠤᠭᠳᠠᠵᠤ ᠪᠠᠶᠢᠭ᠎ᠠ ᠤᠷᠠᠨ ᠳᠠᠷᠬᠠᠨ ᠤ ᠵᠣᠷᠢᠭ ᠰᠠᠨᠠᠭ᠎ᠠ ᠪᠠ ᠤᠯᠠᠮᠵᠢᠯᠠᠨ | ᠪᠠᠳᠠᠷᠠᠭᠤᠯᠬᠤ ᠵᠣᠷᠢᠭ ᠰᠠᠨᠠᠭ᠎ᠠ ᠬᠠᠷᠢᠯᠴᠠᠨ ᠠᠭᠤᠰᠤᠯᠴᠠᠵᠤ᠂ ᠠᠵᠢᠯᠯᠠᠭ᠎ᠠ ᠶᠢᠨ ᠠᠭᠤᠯᠤᠭᠳᠠᠬᠤᠨ ᠢ ᠤᠯᠠᠮ ᠨᠢᠭᠡ | ᠠᠯᠬᠤᠮ ᠪᠠᠶᠠᠯᠢᠭᠵᠢᠭᠤᠯᠵᠤ᠂ ᠰᠠᠭᠤᠭᠠᠯᠢ ᠠᠷᠠᠳ ᠤᠨ ᠤᠶᠤᠨ ᠰᠠᠨᠠᠭ᠎ᠠ ᠰᠣᠶᠣᠯ ᠤᠨ ᠬᠡᠪ ᠪᠣᠯᠪᠠᠰᠤᠷᠠᠯ ᠢ | ᠳᠡᠭᠡᠭᠰᠢᠯᠡᠭᠦᠯᠪᠡ᠃ | | | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |