2024 ᠣᠨ ᠤ ᠬᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠤᠨ ᠲᠤᠬᠠᠶ ᠢᠦᠶ ᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠠᠯᠪᠠᠨ ᠵᠠᠷ
ᠨᠡᠶᠢᠲᠡᠯᠡᠭᠰᠡᠨ ᠴᠠᠭ᠄
2025/3/11
     ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ ︽2024 ᠣᠨ ᠤ ᠲᠥᠪ ᠤᠨ ᠬᠤᠨᠵᠢᠪᠤᠷᠢᠳᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠲᠥᠪᠯᠡᠷᠡᠭᠦᠯᠦᠨ ᠨᠡᠶᠢᠭᠡᠮ ᠤᠨ ᠠᠰᠠᠷᠠᠮᠵᠢ ᠶᠢᠨ ᠦᠢᠯᠡᠰ ᠢ ᠳᠡᠮᠵᠢᠬᠦ ᠲᠤᠰᠬᠠᠶ ᠪᠠᠯᠠ ᠮᠥᠩᠭᠦ ᠶᠢ ᠤᠷᠢᠳᠴᠢᠯᠠᠨ ᠪᠠᠭᠤᠯᠭᠠᠬᠤ ᠲᠤᠬᠠᠶ ᠮᠡᠳᠡᠭᠳᠡᠯ︾ ︵ᠬᠥᠬᠡᠬᠤᠲᠠ ᠡᠳ᠋ ᠤᠨ ᠵᠠᠰᠠᠭ ᠨᠡᠶᠢᠭᠡᠮ ᠭᠦᠢᠴᠡᠳᠭᠡᠯ ﹇2023﹈ 175 ᠳ᠋ᠤᠭᠠᠷ ᠲᠣᠭᠠᠲᠤ︶ ︽2024 ᠣᠨ ᠤ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠵᠠᠰᠠᠭ ᠤᠨ ᠣᠷᠳᠣᠨ ᠤ ᠬᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ ᠪᠠᠯᠠ ᠮᠥᠩᠭᠦ ︵ᠨᠢᠭᠡᠳᠦᠭᠡᠷ ᠪᠦᠯᠦᠭ︶ ᠶᠢ ᠪᠠᠭᠤᠯᠭᠠᠬᠤ ᠲᠤᠬᠠᠶ ᠮᠡᠳᠡᠭᠳᠡᠯ︾ ︵ᠬᠥᠬᠡᠬᠤᠲᠠ ᠡᠳ᠋ ᠤᠨ ᠵᠠᠰᠠᠭ ᠨᠡᠶᠢᠭᠡᠮ ᠭᠦᠢᠴᠡᠳᠭᠡᠯ ﹇2024﹈ 65 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠵᠢᠴᠢ ︽ᠬᠤᠨᠵᠢᠪᠤᠷᠢᠳᠤ ᠰᠤᠭᠤᠯᠤᠭ᠎ᠠ ᠶᠢᠨ ᠬᠠᠮᠢᠶᠠᠷᠤᠯᠲᠠ ᠶᠢᠨ ᠳᠦᠷᠢᠮ︾᠂ ︽ᠬᠤᠨᠵᠢᠪᠤᠷᠢᠳᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠶᠡᠷᠦᠩᠬᠡᠶᠢᠯᠡᠭᠰᠡᠨ ﹇2020﹈ 15 ᠳ᠋ᠤᠭᠠᠷ ᠲᠣᠭᠠᠲᠤ︶ ᠪᠣᠯᠤᠨ ︽ᠠᠷᠠᠳ ᠤᠨ ᠶᠠᠪᠤᠳᠠᠯ ᠤᠨ ᠶᠠᠮᠤᠨ ᠤ ᠬᠤᠨᠵᠢᠪᠤᠷᠢᠳᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠱᠠᠭᠠᠷᠳᠠᠯᠭ᠎ᠠ ᠶᠤᠰᠤᠭᠠᠷ᠂ 2024 ᠣᠨ ᠳᠤ ᠮᠠᠨ ᠤ ᠲᠤᠭᠤᠷᠢᠭ ᠬᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ 2.25 ᠲᠦᠮᠡᠨ ᠲᠥᠭᠦᠷᠢᠭ ᠬᠤᠪᠢᠶᠠᠷᠢᠯᠠᠵᠤ ︵ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠬᠤᠲᠠ ᠳᠤ ᠪᠤᠴᠠᠭᠠᠵᠤ ᠥᠭᠭᠦᠭᠰᠡᠨ ᠠᠰᠠᠷᠠᠮᠵᠢ ᠶᠢᠨ ᠬᠤᠨᠵᠢᠪᠤᠷᠢᠳᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ 0.9 ᠲᠦᠮᠡᠨ ᠲᠥᠭᠦᠷᠢᠭ ᠢ ᠮᠠᠨ ᠤ ᠲᠣᠪᠴᠢᠶ᠎ᠠ ᠳᠤ ᠳᠤᠷᠤᠭᠰᠢ ᠪᠠᠭᠤᠯᠭᠠᠬᠤ ᠶᠢᠨ ᠬᠠᠮᠲᠤ ᠬᠤᠲᠠ ᠶᠢᠨ ᠲᠣᠰ ᠱᠠᠲᠤᠨ ᠠᠴᠠ 1.35 ᠲᠦᠮᠡᠨ ᠲᠥᠭᠦᠷᠢᠭ ᠤᠨ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠶᠢᠨ ᠪᠠᠯᠠ ᠮᠥᠩᠭᠦ ᠶᠢ ᠳᠣᠷᠣᠭᠰᠢ ᠪᠠᠭᠤᠯᠭᠠᠪᠠ︶᠂ ᠪᠦᠬᠦᠨ ᠢ ᠢᠦᠶ ᠴᠢᠤᠸᠠᠨ ᠲᠣᠭᠤᠷᠢᠭ ᠤᠨ ᠬᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠵᠢᠴᠢ ᠭᠠᠯ ᠤᠨᠲᠠᠷᠠᠭᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠪᠡ᠃ ᠡᠳᠦᠭᠡ ᠢᠦᠶ ᠴᠢᠤᠸᠠᠨ ᠲᠣᠭᠤᠷᠢᠭ ᠤᠨ ᠬᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠭᠰᠡᠨ ᠪᠠᠯᠠ ᠮᠥᠩᠭᠦ ᠶᠢᠨ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄      ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠄ 2.25 ᠲᠦᠮᠡᠨ ᠲᠥᠭᠦᠷᠢᠭ︔      ᠳᠡᠭᠡᠷᠡᠬᠢ ᠬᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠨᠢ ᠨᠡᠶᠢᠲᠡ 2.25 ᠲᠦᠮᠡᠨ ᠲᠥᠭᠦᠷᠢᠭ ︵ᠡᠭᠦᠨ ᠳᠤ ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠬᠤᠲᠠ ᠳᠤ ᠪᠤᠴᠠᠭᠠᠵᠤ ᠥᠭᠭᠦᠭᠰᠡᠨ ᠠᠰᠠᠷᠠᠮᠵᠢ ᠶᠢᠨ ᠬᠤᠨᠵᠢᠪᠤᠷᠢᠳᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ 0.9 ᠲᠦᠮᠡᠨ ᠲᠥᠭᠦᠷᠢᠭ ᠪᠠᠭᠲᠠᠨ᠎ᠠ︶᠃      ᠵᠠᠷᠯᠠᠨ ᠨᠡᠶᠢᠲᠡᠯᠡᠭᠰᠡᠨ ᠡᠳᠦᠷ ᠬᠤᠭᠤᠴᠠᠭ᠎ᠠ᠄ 3 ᠳ᠋ᠤᠭᠠᠷ ᠰᠠᠷ᠎ᠠ ᠶᠢᠨ 10 ᠤ ᠡᠳᠦᠷ — 3 ᠳ᠋ᠤᠭᠠᠷ ᠰᠠᠷ᠎ᠠ ᠶᠢᠨ 17 ᠤ ᠡᠳᠦᠷ      ᠬᠢᠨᠠᠯᠲᠠ ᠲᠠᠯᠪᠢᠬᠤ ᠤᠲᠠᠰᠤ᠄ 0471 — 5686379      ᠣᠨᠴᠠᠭᠠᠶᠢᠯᠠᠨ ᠵᠠᠷᠯᠠᠪᠠ                  ᠢᠦᠢ ᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ                           2025 ᠣᠨ ᠤ 3 ᠳ᠋ᠤᠭᠠᠷ ᠰᠠᠷ᠎ᠠ ᠶᠢᠨ 10 ᠤ ᠡᠳᠦᠷ               ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号