ᠣᠶᠢᠷ᠎ᠠ ᠶᠢᠨ ᠡᠳᠦᠷ ᠤᠳ ᠲᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠨᠠᠰᠤᠲᠠᠶᠢᠴᠤᠳ ᠤᠨ ᠪᠠᠶᠢᠪᠠᠰᠤ ᠵᠣᠬᠢᠬᠤ ᠠᠰᠠᠷᠠᠮᠵᠢ ᠶᠢᠨ | ᠬᠠᠷᠠᠭᠠᠯᠵᠠᠯ ᠢ ᠴᠠᠭ ᠲᠤᠬᠠᠶ ᠳᠤᠨᠢ᠂ ᠳᠥᠭᠦᠮ ᠳᠥᠲᠡ ᠪᠠᠷ ᠭᠥᠷᠳᠡᠬᠦ ᠶᠢ ᠪᠠᠲᠤᠯᠠᠬᠤ ᠶᠢᠨ ᠲᠥᠯᠥᠭᠡ᠂ ᠨᠥᠬᠦᠷᠯᠡᠯ | ᠨᠡᠶᠢᠭᠡᠮ ᠲᠣᠭᠤᠷᠢᠭ ᠣᠯᠠᠨ ᠵᠦᠢᠯ ᠤᠨ ᠭᠡᠷᠡᠴᠢᠯᠡᠯ ᠤᠨ ᠠᠷᠭ᠎ᠠ ᠮᠠᠶ᠋ᠢᠭ ᠢ ᠭᠠᠷᠭᠠᠵᠤ᠂ ᠠᠳᠠᠯᠢ ᠪᠤᠰᠤ | ᠨᠠᠰᠤᠲᠠᠶᠢᠴᠤᠳ ᠤᠨ ᠥᠨᠳᠥᠷ ᠨᠠᠰᠤᠨ ᠤ ᠭᠡᠷᠡᠴᠢᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠄ ᠭᠠᠷ | ᠤᠲᠠᠰᠤᠨ ᠤ ᠸᠢᠴᠠᠲ ᠤᠨ ᠵᠢᠵᠢᠭ ᠫᠷᠤᠭ᠍ᠷᠠᠮ ᠢᠶᠠᠷ ᠭᠡᠷᠡᠴᠢᠯᠡᠬᠦ᠂ ᠨᠡᠶᠢᠭᠡᠮ ᠲᠣᠭᠤᠷᠢᠭ ᠤᠨ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠥᠷᠲᠡᠭᠡ ᠶᠢᠨ ᠭᠡᠷᠡᠴᠢᠯᠡᠯ ᠵᠢᠴᠢ ᠬᠡᠷ ᠲᠤᠨᠢ ᠬᠦᠷᠴᠦ ᠭᠡᠷᠡᠴᠢᠯᠡᠪᠡ᠃ | | | | | ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠲᠤ ᠬᠠᠨᠳᠤᠭᠤᠯᠤᠨ᠂ ᠨᠥᠬᠦᠷᠯᠡᠯ ᠨᠡᠶᠢᠭᠡᠮ | ᠲᠣᠭᠤᠷᠢᠭ ᠬᠡᠷ ᠲᠤᠨᠢ ᠬᠦᠷᠴᠦ ᠭᠡᠷᠡᠴᠢᠯᠡᠬᠦ ᠦᠢᠯᠡᠴᠢᠯᠡᠭᠡ ᠬᠠᠩᠭᠠᠵᠤ᠂ ᠠᠵᠢᠯᠲᠠᠳ ᠲᠣᠬᠢᠷᠠᠮᠵᠢᠲᠠᠶ ᠴᠠᠭ ᠲᠤ | ᠭᠡᠷ ᠲᠤᠨᠢ ᠬᠦᠷᠴᠦ ᠨᠠᠰᠤᠲᠠᠳ ᠲᠤ ᠥᠨᠳᠥᠷ ᠨᠠᠰᠤᠨ ᠤ ᠭᠡᠷᠡᠴᠢᠯᠡᠯ ᠬᠢᠵᠦ ᠥᠭᠪᠡ᠃ ᠣᠯᠠᠨ ᠵᠦᠢᠯ ᠤᠨ | ᠭᠡᠷᠡᠴᠢᠯᠡᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠰᠤᠲᠠᠨ ᠨᠢᠭᠡᠪᠦᠷᠢ ᠳᠤ ᠴᠥᠮ ᠭᠡᠷᠡᠴᠢᠯᠡᠯ ᠢ ᠠᠮᠠᠷᠬᠠᠨ | ᠪᠡᠶᠡᠯᠡᠭᠦᠯᠵᠦ᠂ ᠲᠡᠳᠡᠨ ᠤ ᠠᠰᠠᠷᠠᠮᠵᠢ ᠶᠢᠨ ᠣᠯᠭᠤᠮᠵᠢ ᠶᠢ ᠨᠥᠯᠥᠭᠡᠯᠡᠬᠦ ᠥᠬᠡᠶ ᠪᠠᠶᠢᠬᠤ ᠶᠢ ᠦᠨᠡᠨᠬᠦ ᠪᠠᠲᠤᠯᠠᠪᠠ᠃ | | | | | ᠣᠶᠢᠯᠠᠭᠠᠭᠰᠠᠨ ᠢᠶᠠᠷ᠂ ᠥᠨᠳᠥᠷ ᠨᠠᠰᠤᠲᠠᠶ ᠨᠠᠰᠤᠲᠠᠶᠢᠴᠤᠳ ᠨᠢᠭᠡ ᠵᠢᠯ ᠳᠤ 4 ᠤᠳᠠᠭ᠎ᠠ ᠭᠡᠷᠡᠴᠢᠯᠡᠵᠦ᠂ | ᠤᠯᠠᠷᠢᠯ ᠪᠦᠷᠢ ᠳᠤ ᠨᠢᠭᠡ ᠤᠳᠠᠭ᠎ᠠ ᠭᠡᠷᠡᠴᠢᠯᠡᠨ᠎ᠡ᠃ ᠭᠤᠶᠤᠴᠢᠯᠠᠭᠰᠠᠨ ᠥᠬᠡᠶ ᠪᠣᠯᠪᠠᠴᠤ ᠨᠥᠬᠦᠴᠡᠯ ᠳᠤ ᠨᠡᠶᠢᠴᠡᠬᠦ | ᠬᠠᠷᠢᠶᠠᠲᠤ ᠣᠷᠣᠨ ᠤ ᠥᠨᠳᠥᠷ ᠨᠠᠰᠤᠲᠠᠶ ᠨᠠᠰᠤᠲᠠᠶᠢᠴᠤᠳ ᠲᠤ ᠴᠢᠭᠯᠡᠭᠦᠯᠦᠨ᠂ ᠨᠡᠶᠢᠭᠡᠮ ᠲᠣᠭᠤᠷᠢᠭ ᠤᠨ | ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠸᠢᠴᠠᠲ ᠤᠨ ᠴᠤᠭᠯᠠᠷᠠᠯ ᠤᠨ ᠮᠡᠳᠡᠭᠳᠡᠯ ᠤᠨ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠥᠨᠳᠥᠷ ᠨᠠᠰᠤᠨ ᠤ ᠨᠥᠬᠦᠪᠥᠷᠢ ᠶᠢᠨ ᠬᠠᠷᠠᠭᠠᠯᠵᠠᠯ ᠭᠥᠷᠳᠡᠬᠦ ᠬᠢᠷᠢ ᠬᠡᠮ ᠤᠨ | ᠭᠡᠷᠡᠴᠢᠯᠡᠯ ᠠᠪᠬᠤ ᠲᠥᠷᠥ ᠶᠢᠨ ᠪᠣᠳᠣᠯᠭ᠎ᠠ ᠪᠠ ᠴᠤᠪᠤᠷᠠᠯ ᠢ ᠤᠬᠠᠭᠤᠯᠵᠤ᠂ ᠰᠠᠭᠤᠭᠠᠯᠢ ᠠᠷᠠᠳ ᠨᠢᠭᠡᠪᠦᠷᠢ ᠴᠥᠮ | ᠭᠡᠷᠡᠴᠢᠯᠡᠬᠦ ᠱᠠᠭᠠᠷᠳᠠᠯᠭ᠎ᠠ ᠶᠢ ᠴᠠᠭ ᠲᠤᠬᠠᠶ ᠳᠤᠨᠢ ᠣᠶᠢᠯᠠᠭᠠᠬᠤ ᠶᠢ ᠦᠨᠡᠨ ᠬᠦ ᠪᠠᠲᠤᠯᠠᠪᠠ᠃ ᠮᠠᠰᠢ ᠣᠯᠠᠨ | ᠨᠠᠰᠤᠲᠠᠶᠢᠴᠤᠳ ᠢᠯᠡᠷᠬᠡᠶᠢᠯᠡᠬᠦ ᠳᠡᠭᠡᠨ᠂ ᠨᠡᠶᠢᠭᠡᠮ ᠲᠣᠭᠤᠷᠢᠭ ᠤᠨ ᠬᠠᠩᠭᠠᠭᠰᠠᠨ ᠡᠨᠡ ᠬᠦ ᠥᠨᠳᠥᠷ ᠨᠠᠰᠤᠨ ᠤ | ᠭᠡᠷᠡᠴᠢᠯᠡᠯ ᠤᠨ ᠦᠢᠯᠡᠴᠢᠯᠡᠭᠡ ᠨᠢ ᠲᠡᠳᠡᠨ ᠤ ᠪᠣᠳᠠᠲᠠᠶ ᠬᠦᠴᠢᠷᠳᠡᠯ ᠢ ᠦᠨᠡᠨ ᠬᠦ ᠰᠢᠢᠳᠪᠦᠷᠢᠯᠡᠵᠡᠢ᠃ ︽ | ᠥᠩᠭᠡᠷᠡᠭᠰᠡᠨ ᠳᠤ ᠤᠳᠠᠭ᠎ᠠ ᠪᠦᠷᠢ ᠭᠡᠷᠡᠴᠢᠯᠡᠯ ᠬᠢᠬᠦ ᠪᠦᠷᠢ ᠴᠥᠮ ᠨᠡᠯᠢᠶᠡᠳ ᠤᠳᠠᠭᠠᠨ ᠪᠠᠶᠢᠭᠰᠠᠨ ᠶᠤᠮ᠂ ᠣᠲᠣ | ᠨᠡᠶᠢᠭᠡᠮ ᠲᠣᠭᠤᠷᠢᠭ ᠠᠴᠠ ᠰᠢᠭᠤᠳ ᠰᠦᠯᠵᠢᠶᠡᠨ ᠳᠡᠭᠡᠷ᠎ᠡ ᠬᠠᠪᠰᠤᠷᠤᠨ ᠭᠦᠢᠴᠡᠳᠬᠡᠵᠦ᠂ ᠦᠨᠡᠬᠡᠷ ᠮᠠᠰᠢ ᠳᠣᠲᠣᠨᠣ | ᠪᠠᠶᠢᠨ᠎ᠠ︾ ᠭᠡᠵᠦ 85 ᠨᠠᠰᠤᠲᠠᠢ ᠸᠠᠩ ᠡᠮᠡᠭᠡ ᠬᠡᠯᠡᠪᠡ᠃ | | | | | ᠳᠠᠷᠠᠭᠠᠴᠢ ᠶᠢᠨ ᠠᠯᠬᠤᠮ ᠳᠤ᠂ ᠴᠠᠭᠠᠨ ᠭᠤᠶᠣᠣ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ | ᠪᠣᠯᠭᠠᠵᠤ᠂ ᠨᠡᠩ ᠤᠯᠠᠨ ᠬᠡᠯᠪᠡᠷᠢ ᠮᠠᠶ᠋ᠢᠭ ᠲᠠᠢ᠂ ᠪᠠᠶᠠᠯᠢᠭ ᠠᠭᠤᠯᠭ᠎ᠠ ᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠨᠠᠷᠢᠨ ᠬᠢᠨᠠᠮᠠᠭᠠᠢ | ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠯᠸᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ | ᠬᠦᠴᠦᠨ ᠴᠢᠳᠠᠯ ᠢᠶᠠᠨ ᠡᠷᠭᠦᠨ᠎ᠡ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |