ᠰᠤᠷᠤᠭᠴᠢᠳ ᠪᠡᠶ᠎ᠡ ᠲᠠᠮᠢᠷ ᠤᠨ ᠬᠦᠳᠡᠯᠭᠡᠭᠡᠨ ᠳᠤ ᠣᠷᠣᠯᠴᠠᠨ ᠠᠮᠢᠵᠢᠷᠠᠯ ᠤᠨ ᠬᠦᠴᠦᠨ ᠪᠢᠯᠬᠠᠮ᠎ᠠ
ᠨᠡᠶᠢᠲᠡᠯᠡᠭᠰᠡᠨ ᠴᠠᠭ᠄
2025/3/12
     ᠣᠶᠢᠷ᠎ᠠ ᠶᠢᠨ ᠡᠳᠦᠷ᠂ ᠢᠦᠢ ᠴᠢᠤᠸᠠᠨ ᠲᠣᠭᠤᠷᠢᠭ ᠤᠨ ᠴᠢᠩ ᠴᠢᠤᠸᠠᠨ ᠵᠡᠭᠡᠯᠢ ᠶᠢᠨ ᠪᠠᠭ᠎ᠠ ᠰᠤᠷᠭᠠᠭᠤᠯᠢ ᠪᠠᠶᠠᠯᠢᠭ ᠰᠠᠶᠢᠬᠠᠨ ᠲᠠᠮᠢᠷ ᠤᠨ ᠬᠥᠳᠡᠯᠭᠡᠭᠡᠨ ᠥᠷᠨᠢᠭᠦᠯᠪᠡ᠃ ᠥᠷᠯᠥᠭᠡ ᠪᠦᠷᠢ᠂ ᠳᠠᠭᠤᠤ ᠬᠥᠭᠵᠢᠮ ᠤᠨ ᠬᠦᠭ ᠠᠶᠠᠰ ᠳᠤᠮᠲᠠ ᠰᠤᠷᠤᠭᠴᠢᠳ ᠤᠳᠠᠭᠠᠨ ᠭᠦᠶᠦᠬᠦ᠂ ᠪᠡᠯᠡᠳᠬᠡᠯ ᠬᠦᠳᠡᠯᠭᠡᠭᠡᠨ ᠬᠢᠬᠦ ᠵᠡᠷᠭᠡ ᠥᠷᠯᠥᠭᠡ ᠶᠢᠨ ᠲᠠᠮᠢᠷ ᠤᠨ ᠪᠣᠯᠪᠠᠰᠤᠷᠠᠯ ᠬᠢᠵᠦ᠂ ᠰᠠᠶᠢᠨ ᠰᠠᠶᠢᠬᠠᠨ ᠤᠷᠮ᠎ᠠ ᠰᠡᠳᠬᠢᠯᠭᠡ ᠪᠠᠷ ᠰᠢᠨ᠎ᠡ ᠨᠢᠭᠡ ᠡᠳᠦᠷ ᠤᠨ ᠰᠤᠷᠤᠯᠴᠠᠯᠭ᠎ᠠ ᠠᠮᠢᠳᠤᠷᠠᠯ ᠳᠤ ᠪᠠᠨ ᠤᠷᠤᠯᠴᠠᠨ᠎ᠠ᠃
     ᠣᠶᠢᠯᠠᠭᠠᠭᠰᠠᠨ ᠢᠶᠠᠷ᠂ ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠳᠦᠷ ᠪᠦᠷᠢ ᠶᠢᠨ 2 ᠴᠠᠭ ᠤᠨ ᠶᠡᠷᠦᠩᠬᠡᠶᠢᠯᠡᠭᠰᠡᠨ ᠪᠡᠶ᠎ᠡ ᠲᠠᠮᠢᠷ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠳᠦᠷ ᠪᠦᠷᠢ ᠶᠢᠨ ᠶᠡᠷᠦᠩᠬᠡᠶᠢᠯᠡᠭᠰᠡᠨ ᠪᠡᠶ᠎ᠡ ᠲᠠᠮᠢᠷ ᠤᠨ ᠠᠵᠢᠯᠯᠠᠭ᠎ᠠ ᠶᠢᠨ ᠴᠠᠭ ᠢ 2 ᠴᠠᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠪᠠ᠃ ᠰᠤᠷᠪᠤᠯᠵᠢᠯᠠᠭᠴᠢ ᠸᠠᠩ ᠱᠣᠣ ᠺᠠᠢ ᠰᠡᠭᠦᠳᠡᠷᠯᠡᠪᠡ
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号