ᠨᠠᠰᠤᠨ ᠳᠤ ᠥᠯᠥ ᠬᠦᠷᠦᠭᠰᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠦᠮᠦᠵᠢᠯ ᠢ ᠤᠯᠠᠮ ᠨᠢᠭᠡ | ᠠᠯᠬᠤᠮ ᠴᠢᠩᠭᠠᠳᠬᠠᠵᠤ᠂ ᠶᠡᠷᠦᠩᠬᠡᠶ ᠱᠦᠵᠢ ᠰᠢ ᠶᠢᠨ ᠫᠢᠩ ᠤᠨ ᠵᠠᠯᠠᠭᠤᠴᠤᠳ ᠤᠨ ᠠᠵᠢᠯ ᠤᠨ ᠲᠤᠬᠠᠶ ᠴᠢᠬᠤᠯᠠ | ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠯᠠᠭᠤᠴᠤᠳ ᠪᠠᠭᠠᠴᠤᠳ ᠤᠨ ᠰᠡᠳᠬᠢᠴᠡ ᠶᠢᠨ | ᠪᠠᠶᠢᠳᠠᠯ ᠢ ᠬᠠᠯᠠᠮᠵᠢᠯᠠᠵᠤ᠂ ᠵᠠᠯᠠᠭᠤᠴᠤᠳ ᠪᠠᠭᠠᠴᠤᠳ ᠢ ᠬᠠᠪᠰᠤᠷᠴᠤ ᠡᠷᠡᠭᠦᠯ ᠢᠶᠠᠷ ᠦᠰᠦᠨ ᠪᠤᠶᠢᠵᠢᠬᠤ ᠶᠢᠨ | ᠲᠦᠯᠦᠭᠡ᠂ 3 ᠳ᠋ᠤᠭᠠᠷ ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠪᠯᠡᠯ ᠤᠨ ᠬᠤᠷᠢᠶ᠎ᠠ᠂ ᠥᠪᠥᠷ ᠮᠣᠩᠭᠤᠯ ᠤᠨ 12355 ᠵᠠᠯᠠᠭᠤᠴᠤᠳ ᠪᠠᠭᠠᠴᠤᠳ ᠤᠨ ᠦᠢᠯᠡᠴᠢᠯᠡᠭᠡᠨ ᠤ | ᠲᠠᠪᠴᠠᠩ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠥᠬᠡᠬᠤᠲᠠ ᠶᠢᠨ ᠬᠤᠷᠢᠶ᠎ᠠ᠂ ᠡᠪ ᠬᠠᠮᠲᠤ ᠵᠠᠯᠠᠭᠤᠴᠤᠳ ᠤᠨ | ᠡᠪᠯᠡᠯ ᠤᠨ ᠢᠦᠶ ᠴᠢᠤᠸᠠᠨ ᠲᠣᠭᠤᠷᠢᠭ ᠤᠨ ᠬᠤᠷᠢᠶ᠎ᠠ᠂ ᠬᠥᠬᠡᠬᠤᠲᠠ ᠶᠢᠨ ᠴᠢᠩ ᠾᠧ ᠨᠡᠶᠢᠭᠡᠮ ᠤᠨ ᠠᠵᠢᠯ ᠤᠨ | ᠦᠢᠯᠡᠴᠢᠯᠡᠭᠡᠨ ᠤ ᠲᠥᠪ᠂ ᠲᠠᠪᠤᠨ ᠰᠤᠪᠤᠷᠭᠠᠲᠤ ᠰᠦᠮ᠎ᠡ ᠶᠢᠨ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠬᠠᠮᠲᠤᠷᠠᠨ | ︽2025 ᠣᠨ ᠤ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ 12355 ᠰᠡᠳᠬᠢᠴᠡ ᠶᠢᠨ ᠡᠷᠡᠭᠦᠯ ᠮᠡᠨᠳᠦ ᠶᠢᠨ | ᠭᠤᠤᠯ ᠰᠡᠳᠦᠪᠲᠦ ᠠᠵᠢᠯᠯᠠᠭ᠎ᠠ︾ ᠥᠷᠨᠢᠭᠦᠯᠪᠡ᠃ | | | | | ᠬᠥᠳᠡᠯᠭᠡᠭᠡᠨ ᠤ ᠳᠤᠮᠳᠠ᠂ ᠪᠠᠭᠰᠢ ᠠᠴᠠ ᠰᠡᠳᠬᠢᠴᠡ ᠶᠢᠨ ᠡᠷᠡᠭᠦᠯ ᠮᠡᠨᠳᠦ ᠶᠢᠨ ᠴᠢᠬᠤᠯᠠ ᠴᠢᠨᠠᠷ᠂ ᠡᠷᠡᠭᠦᠯ | ᠪᠤᠰᠤ ᠤᠷᠮ᠎ᠠ ᠰᠡᠳᠬᠢᠯᠭᠡ ᠶᠢᠨ ᠵᠣᠬᠢᠴᠠᠭᠤᠯᠭ᠎ᠠ ᠵᠢᠴᠢ ᠬᠥᠮᠦᠰ ᠤᠨ ᠬᠤᠭᠤᠷᠣᠨᠳᠣᠬᠢ ᠬᠠᠷᠢᠴᠠᠭ᠎ᠠ ᠶᠢᠨ | ᠵᠣᠬᠢᠴᠠᠭᠤᠯᠭ᠎ᠠ ᠵᠡᠷᠭᠡ ᠲᠠᠯ᠎ᠠ ᠪᠠᠷ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠯᠲᠠ ᠬᠢᠭᠰᠡᠨ ᠪᠠᠶᠢᠨ᠎ᠠ᠃ | ᠬᠢᠯᠪᠠᠷ ᠣᠶᠢᠯᠠᠭᠠᠮᠵᠢᠲᠠᠶ ᠦᠭᠡ ᠬᠡᠯᠡ ᠪᠠ ᠠᠮᠢᠳᠤ ᠴᠣᠪᠣᠭᠤᠯᠢᠭ ᠬᠡᠷᠡᠭ ᠤᠨ ᠵᠢᠱᠢᠶ᠎ᠡ ᠶᠢ ᠬᠡᠷᠡᠭᠯᠡᠬᠦ ᠪᠠᠷ | ᠳᠠᠮᠵᠢᠭᠤᠯᠤᠨ᠂ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢ ᠡᠳᠦᠷ ᠲᠤᠲᠤᠮ ᠤᠨ ᠠᠮᠢᠳᠤᠷᠠᠯ ᠤᠨ ᠵᠢᠵᠢᠭ | ᠰᠠᠵᠢᠭ ᠵᠦᠢᠯ ᠳᠤ ᠠᠭᠤᠰᠬᠠᠨ ᠣᠷᠣᠭᠤᠯᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠤ | ᠬᠢᠯᠪᠠᠷᠬᠠᠨ ᠢᠶᠠᠷ ᠣᠶᠢᠯᠠᠭᠠᠭᠤᠯᠬᠤ ᠶᠢᠨ ᠬᠠᠮᠲᠤ ᠬᠠᠮᠲᠤ ᠶᠢᠨ ᠲᠠᠨᠢᠯᠲᠠ ᠲᠠᠢ ᠪᠤᠯᠭᠠᠪᠠ᠃ ᠡᠭᠦᠨ ᠠᠴᠠ ᠭᠠᠳᠠᠨ᠎ᠠ᠂ | ᠪᠠᠭᠰᠢ ᠠᠴᠠ ᠪᠠᠰᠠ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠢ ᠵᠡᠭᠦᠨ ᠪᠠᠷᠠᠭᠤᠨ ᠲᠠᠷᠢᠬᠢ ᠪᠠ ᠡᠮᠦᠨ᠎ᠡ | ᠬᠤᠩᠭᠢᠯ ᠤᠨ ᠪᠣᠯᠪᠠᠰᠤᠷᠠᠯ ᠤᠨ ᠪᠡᠯᠡᠳᠬᠡᠯ ᠬᠥᠳᠡᠯᠭᠡᠭᠡᠨ ᠬᠢᠯᠭᠡᠬᠦ ᠪᠠᠷ ᠬᠥᠲᠥᠯᠵᠦ᠂ ᠪᠠᠭᠠᠴᠤᠳ ᠤᠨ ᠬᠤᠰᠢᠭᠤᠴᠢ | ᠠᠩᠭᠢ ᠶᠢᠨ ᠭᠡᠰᠢᠭᠦᠳ ᠢ ᠵᠣᠬᠢᠶᠠᠨ ᠪᠠᠶᠢᠭᠤᠯᠤᠨ ᠪᠦᠯᠬᠦᠮ ᠤᠨ ᠲᠣᠭᠯᠠᠭᠠᠮ ᠳᠤ ᠣᠷᠣᠯᠴᠠᠭᠤᠯᠵᠠᠶ᠂ ᠡᠨᠡ ᠨᠢ | ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠪᠡᠶ᠎ᠡ ᠮᠠᠬᠠᠪᠣᠳ ᠤᠨ ᠵᠣᠬᠢᠴᠠᠭᠤᠯᠬᠤ ᠴᠢᠳᠠᠪᠤᠷᠢ ᠶᠢ | ᠪᠣᠯᠪᠠᠰᠤᠷᠠᠭᠤᠯᠤᠭᠰᠠᠨ ᠢᠶᠠᠷ ᠪᠠᠷᠠᠬᠤ ᠥᠬᠡᠶ᠂ ᠲᠡᠳᠡᠨ ᠤ ᠪᠦᠯᠬᠦᠮ ᠤᠨ ᠬᠠᠮᠲᠤᠷᠠᠨ ᠠᠵᠢᠯᠯᠠᠬᠤ ᠤᠬᠠᠮᠰᠠᠷ ᠢ ᠨᠠᠩ | ᠬᠥᠮᠦᠵᠢᠭᠦᠯᠦᠭᠰᠡᠨ ᠪᠠᠶᠢᠨ᠎ᠠ᠃ ᠲᠣᠰ ᠤᠳᠠᠭᠠᠨ ᠤ ᠭᠤᠤᠯ ᠰᠡᠳᠦᠪᠲᠦ ᠠᠵᠢᠯᠯᠠᠭ᠎ᠠ ᠨᠢ ᠪᠠᠭᠠᠴᠤᠳ ᠤᠨ ᠬᠤᠰᠢᠭᠤᠴᠢ | ᠠᠩᠭᠢ ᠶᠢᠨ ᠭᠡᠰᠢᠭᠦᠳ ᠲᠤ ᠰᠡᠳᠬᠢᠴᠡ ᠶᠢᠨ ᠡᠷᠡᠭᠦᠯ ᠮᠡᠨᠳᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠭᠤᠯᠵᠤ᠂ | ᠲᠡᠳᠡᠨ ᠤ ᠰᠢᠨ᠎ᠡ ᠰᠤᠷᠤᠯᠭ᠎ᠠ ᠶᠢᠨ ᠬᠤᠭᠤᠴᠠᠭ᠎ᠠ᠂ ᠰᠢᠨ᠎ᠡ ᠠᠮᠢᠳᠤᠷᠠᠯ ᠢᠶᠠᠨ ᠤᠭᠲᠤᠬᠤ ᠳᠤ ᠬᠦᠴᠦᠷᠬᠡᠭ ᠶᠡᠭᠡ | ᠢᠲᠡᠭᠡᠯ ᠵᠣᠷᠢᠭ ᠪᠠ ᠢᠳᠡᠪᠬᠢ ᠬᠦᠴᠦᠨ ᠨᠡᠮᠡᠷᠢᠯᠡᠭᠰᠡᠨ ᠪᠠᠶᠢᠨ᠎ᠠ᠃ | | | | | ᠳᠠᠷᠠᠭᠠᠴᠢ ᠶᠢᠨ ᠠᠯᠬᠤᠮ ᠳᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠢᠦᠢ ᠴᠢᠤᠸᠠᠨ ᠲᠣᠭᠤᠷᠢᠭ ᠤᠨ | ᠬᠤᠷᠢᠶ᠎ᠠ ᠦᠷᠭᠦᠯᠵᠢᠯᠡᠨ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠤ ᠶᠢ ᠬᠠᠮᠠᠭᠠᠯᠠᠬᠤ ᠪᠠᠷ | ᠬᠠᠷᠠᠯᠲᠠ ᠪᠣᠯᠭᠠᠵᠤ᠂ ᠪᠦᠬᠦ ᠲᠤᠭᠤᠷᠠᠭ ᠲᠤ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠤ ᠶᠢᠨ | ᠮᠡᠳᠡᠯᠭᠡ ᠶᠢᠨ ᠲᠦᠭᠡᠮᠡᠯᠵᠢᠯᠲᠡ ᠶᠢᠨ ᠴᠢᠨᠠᠷᠲᠠᠢ ᠪᠠᠶᠢᠩᠭᠤ ᠶᠢᠨ ᠤᠬᠠᠭᠤᠯᠤᠨ ᠲᠠᠶᠢᠯᠪᠤᠷᠢᠯᠠᠯᠲᠠ ᠶᠢ ᠥᠷᠨᠢᠭᠦᠯᠵᠦ᠂ | ᠵᠠᠯᠠᠭᠤᠴᠤᠳ ᠪᠠᠭᠠᠴᠤᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠬᠦᠴᠦᠨ ᠨᠡᠮᠡᠷᠢᠯᠡᠨ᠎ᠡ᠃ | | | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |