3 ᠳ᠋ᠤᠭᠠᠷ ᠰᠠᠷ᠎ᠠ ᠶᠢᠨ 12 ᠤᠨ ᠡᠳᠦᠷ᠂ ᠢᠦᠢ ᠴᠢᠤᠸᠠᠨ ᠲᠣᠭᠤᠷᠢᠭ ᠤᠨ ᠴᠡᠴᠡᠷᠯᠢᠭ ᠤᠨ ᠪᠦᠳᠦᠬᠡᠨ | ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ︽ᠮᠣᠳᠣ ᠲᠠᠷᠢᠬᠤ ᠡᠭᠦᠷᠭᠡ ᠪᠠᠨ ᠭᠦᠢᠴᠡᠳᠬᠡᠵᠦ᠂ ᠦᠵᠡᠰᠬᠦᠯᠡᠩᠲᠦ | ᠰᠠᠶᠢᠬᠠᠨ ᠳᠤᠮᠳᠠᠳᠤ ᠤᠯᠤᠰ ᠢ ᠬᠠᠮᠲᠤᠪᠠᠷ ᠪᠦᠳᠦᠬᠡᠨ ᠪᠠᠶᠢᠭᠤᠯᠬᠤ︾ ᠪᠠᠷ ᠭᠤᠣᠯ ᠰᠡᠳᠦᠪ ᠪᠣᠯᠭᠠᠵᠤ᠂ | ᠪᠤᠭᠤᠮᠲᠠ ᠶᠢᠨ ᠬᠠᠭᠤᠴᠢᠨ ᠵᠡᠭᠡᠯᠢ ᠶᠢᠨ ᠵᠤᠭᠠᠴᠠᠯ ᠰᠡᠯᠡᠭᠦᠴᠡᠯ ᠤᠨ ᠵᠡᠭᠡᠯᠢ ᠲᠣᠭᠤᠷᠢᠭ ᠲᠤ ᠠᠯᠪᠠᠨ ᠵᠢᠷᠤᠮ ᠤᠨ | ᠮᠣᠳᠣ ᠲᠠᠷᠢᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠤᠯᠠᠨ ᠶᠠᠩᠵᠤ ᠶᠢᠨ ᠬᠡᠯᠪᠡᠷᠢ ᠪᠠᠷ ᠠᠮᠢ ᠠᠬᠤᠢ ᠶᠢᠨ | ᠤᠢᠢᠯᠠᠭᠠᠭᠳᠠᠬᠤᠨ ᠢ ᠲᠦᠭᠡᠮᠡᠯᠵᠢᠭᠦᠯᠵᠦ᠂ ᠬᠤᠳᠠ ᠶᠢᠨ ᠠᠷᠠᠳ ᠢ ᠪᠣᠳᠠᠲᠤ ᠠᠵᠢᠯᠯᠠᠭ᠎ᠠ ᠪᠠᠷ ᠢᠶᠠᠨ ᠬᠤᠳᠠ ᠳᠤ | ᠦᠡᠭᠭᠡ ᠭᠡᠷᠡᠯ ᠨᠡᠮᠡᠷᠢᠯᠡᠬᠦ ᠶᠢ ᠤᠷᠢᠶᠠᠯᠠᠪᠠ᠃ | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠵᠢᠷᠤᠭ ᠦᠰᠦᠭ ᠬᠤᠣᠰᠯᠠᠭᠰᠠᠨ ᠦᠵᠡᠭᠦᠯᠦᠯᠭᠡ ᠶᠢᠨ | ᠰᠠᠮᠪᠠᠷ᠎ᠠ ᠨᠢ ᠮᠠᠰᠢ ᠤᠯᠠᠨ ᠬᠤᠳᠠ ᠶᠢᠨ ᠠᠷᠠᠳ ᠤᠨ ᠠᠩᠬᠠᠷᠤᠯ ᠢ ᠲᠠᠲᠠᠪᠠ᠃ ᠦᠵᠡᠭᠦᠯᠦᠯᠭᠡ ᠶᠢᠨ ᠰᠠᠮᠪᠠᠷ᠎ᠠ ᠶᠢᠨ | ᠠᠭᠤᠯᠭ᠎ᠠ ᠳᠤ ᠠᠯᠪᠠᠨ ᠵᠢᠷᠤᠮ ᠤᠨ ᠮᠣᠳᠣ ᠳᠠᠷᠢᠬᠤ ᠲᠥᠷᠥ ᠶᠢᠨ ᠪᠣᠳᠣᠯᠭ᠎ᠠ᠂ ᠰᠢᠨᠵᠢᠯᠡᠬᠦ ᠤᠬᠠᠭᠠᠨᠴᠢ ᠪᠠᠷ ᠳᠠᠷᠢᠬᠤ | ᠤᠷ᠎ᠠ ᠮᠡᠷᠭᠡᠵᠢᠯ᠂ ᠢᠦᠶ ᠴᠢᠤᠸᠠᠨ ᠲᠣᠭᠤᠷᠢᠭ ᠤᠨ ᠣᠶᠢᠷ᠎ᠠ ᠶᠢᠨ ᠵᠢᠯ ᠤᠨ ᠨᠣᠭᠤᠭᠠᠷᠠᠭᠤᠯᠤᠯᠲᠠ ᠶᠢᠨ ᠦᠷ᠎ᠡ | ᠪᠦᠲᠦᠭᠡᠯ ᠵᠢᠴᠢ ᠣᠶ ᠮᠣᠳᠣ ᠶᠢ ᠠᠷᠠᠴᠢᠯᠠᠨ ᠬᠠᠮᠠᠭᠠᠯᠠᠬᠤ ᠮᠡᠳᠡᠯᠭᠡ ᠵᠡᠷᠭᠡ ᠶᠢ ᠪᠠᠭᠲᠠᠭᠠᠵᠠᠶ᠃ ᠴᠡᠴᠡᠷᠯᠢᠭ ᠤᠨ | ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯᠲᠠᠨ ᠬᠤᠲᠠ ᠶᠢᠨ ᠠᠷᠠᠳ ᠲᠤ ︽ᠪᠥᠬᠦ | ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠰᠠᠨᠠᠭᠠᠴᠢᠯᠠᠭ᠎ᠠ ᠶᠢᠨ ᠪᠢᠴᠢᠭ︾᠂ ︽ᠬᠡᠷ ᠪᠦᠯᠢ ᠶᠢᠨ | ᠴᠡᠴᠡᠷᠯᠢᠭ ᠤᠨ ᠮᠡᠷᠭᠡᠵᠢᠯ ᠤᠨ ᠵᠦᠭᠯᠡᠭᠦᠷ︾ ᠵᠡᠷᠭᠡ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠬᠤ ᠶᠢᠨ ᠬᠠᠮᠲᠤ | ᠠᠰᠠᠭᠤᠨ ᠯᠠᠪᠯᠠᠬᠤ ᠲᠠᠪᠴᠠᠩ ᠭᠠᠷᠭᠠᠵᠤ ᠬᠤᠲᠠ ᠶᠢᠨ ᠠᠷᠠᠳ ᠤᠨ ᠮᠣᠳᠣ ᠳᠠᠷᠢᠬᠤ ᠠᠵᠢᠯᠯᠠᠭ᠎ᠠ ᠶᠢᠨ ᠲᠤᠬᠠᠶ | ᠠᠰᠠᠭᠤᠯᠲᠠ ᠳᠤ ᠬᠠᠷᠢᠭᠤᠯᠲᠠ ᠥᠭᠪᠡ᠃ | | | | | ᠬᠡᠤᠬᠡᠳ ᠢᠶᠠᠨ ᠳᠠᠭᠠᠭᠤᠯᠤᠨ ᠲᠣᠭᠤᠷᠢᠨ ᠦᠵᠡᠬᠦ ᠪᠠᠷ ᠢᠷᠡᠭᠰᠡᠨ ᠵᠣᠣ ᠠᠪᠠᠭ᠋ᠠᠶ᠄ ︽ᠤᠬᠠᠭᠤᠯᠭ᠎ᠠ ᠶᠢᠨ | ᠳᠡᠪᠲᠡᠷ ᠲᠠᠬᠢ ᠬᠠᠷᠢᠯᠴᠠᠨ ᠦᠢᠯᠡᠳᠦᠯᠴᠡᠬᠦ ᠠᠰᠠᠭᠤᠯᠲᠠ ᠬᠠᠷᠢᠭᠤᠯᠲᠠ ᠨᠢ ᠬᠡᠤᠬᠡᠳ ᠲᠤ ᠣᠶ ᠮᠣᠳᠣᠨ ᠤ ᠠᠭᠠᠷ ᠢ | ᠬᠡᠷᠬᠢᠨ ᠴᠡᠪᠡᠷᠰᠢᠭᠦᠯᠬᠦ ᠶᠢ ᠣᠶᠢᠯᠠᠭᠠᠭᠤᠯᠪᠠ᠂ ᠬᠡᠷ ᠲᠡᠭᠡᠨ ᠬᠠᠷᠢᠭᠰᠠᠨ ᠤ ᠳᠠᠷᠠᠭ᠎ᠠ ᠪᠢᠳᠡ ᠨᠠᠷᠠᠪᠴᠢᠨ ᠳᠤ ᠬᠡᠳᠦᠨ | ᠫᠧᠩᠰᠡ ᠤᠷᠭᠤᠮᠠᠯ ᠳᠠᠷᠢᠵᠤ᠂ ᠬᠠᠷᠠᠬᠠᠨ ᠪᠠᠭ᠎ᠠ ᠠᠴᠠ ᠪᠠᠨ ᠬᠡᠤᠬᠡᠳ ᠤᠨ ᠣᠷᠴᠢᠨ ᠲᠤᠭᠤᠷᠢᠨ ᠢ ᠬᠠᠮᠠᠭᠠᠯᠠᠬᠤ | ᠤᠬᠠᠮᠰᠠᠷ ᠢ ᠬᠥᠮᠦᠵᠢᠭᠦᠯᠬᠦ ᠪᠠᠷ ᠲᠥᠯᠥᠪᠯᠡᠵᠦ ᠪᠣᠶ︾ ᠭᠡᠵᠡᠶ᠃ | ᠠᠵᠢᠯ ᠠᠴᠠ ᠪᠠᠨ ᠠᠮᠠᠷᠠᠭᠰᠠᠨ ᠪᠠᠭᠰᠢ ᠵᠠᠩ ᠨᠠᠰᠤᠲᠠᠨ᠄ ︽ᠪᠢ ᠢᠦᠶ ᠴᠢᠤᠸᠠᠨ ᠲᠣᠭᠤᠷᠢᠭ ᠲᠤ 30 ᠵᠢᠯ | ᠰᠠᠭᠤᠵᠤ᠂ ᠨᠣᠭᠤᠭᠠᠷᠠᠭᠤᠯᠤᠯᠲᠠ ᠤᠯᠠᠮ ᠠᠴᠠ ᠤᠯᠠᠮ ᠰᠠᠶᠢᠵᠢᠷᠠᠵᠠᠶ᠂ ᠴᠡᠴᠡᠷᠯᠢᠭ᠂ ᠵᠡᠭᠡᠯᠢ ᠭᠤᠳᠤᠮᠵᠢ ᠳᠤ ᠣᠶ | ᠮᠣᠳᠣ ᠬᠥᠬᠡᠷᠡᠨ ᠨᠣᠭᠤᠭᠠᠷᠠᠵᠤ᠂ ᠵᠢᠯ ᠪᠦᠷᠢ ᠶᠢᠨ ᠬᠠᠪᠤᠷ ᠪᠢ ᠨᠡᠶᠢᠭᠡᠮ ᠲᠣᠭᠤᠷᠢᠭ ᠤᠨ ᠠᠯᠪᠠᠨ ᠵᠢᠷᠤᠮ ᠤᠨ ᠮᠣᠳᠣ | ᠳᠠᠷᠢᠬᠤ ᠠᠵᠢᠯᠯᠠᠭ᠎ᠠ ᠳᠤ ᠣᠷᠣᠯᠴᠠᠳᠠᠭ᠂ ᠵᠤᠯᠵᠠᠭ᠎ᠠ ᠮᠣᠳᠣᠨ ᠤ ᠤᠷᠭᠤᠯᠲᠠ ᠶᠢ ᠬᠠᠷᠠᠬᠤ ᠳᠤ ᠮᠠᠰᠢ ᠶᠡᠭᠡ | ᠠᠮᠵᠢᠯᠲᠠ ᠲᠠᠢ ᠪᠠᠶᠢᠳᠠᠭ︾ ᠭᠡᠵᠦ ᠰᠡᠳᠬᠢᠯ ᠬᠥᠳᠡᠯᠦᠨ ᠬᠡᠯᠡᠵᠡᠶ᠃ | | | | | ᠡᠨᠡᠬᠦ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠤᠬᠠᠭᠤᠯᠭ᠎ᠠ ᠶᠢᠨ ᠠᠵᠢᠯᠯᠠᠭ᠎ᠠ ᠨᠢ ᠠᠮᠢ ᠠᠬᠤᠢ ᠶᠢᠨ | ᠪᠣᠯᠪᠠᠰᠤᠨ ᠤ ᠤᠢᠢᠯᠠᠭᠠᠭᠳᠠᠬᠤᠨ ᠢ ᠤᠯᠠᠮᠵᠢᠯᠠᠭᠰᠠᠨ ᠢᠶᠠᠷ ᠪᠠᠷᠠᠬᠤ ᠦᠭᠡᠢ ᠨᠡᠩ ᠴᠤ ᠬᠤᠳᠠ ᠶᠢᠨ ᠠᠷᠠᠳ ᠤᠨ | ᠪᠣᠬᠢᠷᠲᠤᠯ ᠦᠭᠡᠢ ᠭᠡᠷ ᠣᠷᠣᠨ ᠢᠶᠠᠨ ᠬᠠᠮᠲᠤᠪᠠᠷ ᠪᠦᠳᠦᠭᠡᠨ ᠪᠠᠶᠢᠭᠤᠯᠬᠤ ᠬᠠᠯᠠᠭᠤᠨ ᠰᠡᠳᠬᠢᠯᠭᠡ ᠶᠢ ᠬᠥᠭᠵᠢᠭᠡᠭᠰᠡᠨ | ᠪᠠᠶᠢᠨ᠎ᠠ᠃ ᠪᠦᠬᠦ ᠠᠷᠠᠳ ᠢᠶᠠᠷ ᠢᠶᠠᠨ ᠮᠣᠳᠣ ᠳᠠᠷᠢᠬᠤ ᠠᠵᠢᠯᠯᠠᠭ᠎ᠠ ᠶᠢᠨ ᠭᠦᠨᠵᠡᠭᠡᠢ ᠥᠷᠨᠢᠬᠦ ᠶᠢ ᠲᠠᠭᠠᠯᠳᠤᠨ᠂ ︽ | ᠬᠤᠳᠠ ᠤᠢ ᠰᠢᠭᠤᠢ ᠳᠤ᠂ ᠬᠥᠮᠦᠨ ᠦᠵᠡᠮᠵᠢ ᠶᠢᠨ ᠳᠤᠮᠳᠠ︾ ᠭᠡᠬᠦ ᠦᠵᠡᠰᠬᠦᠯᠡᠩᠲᠦ ᠰᠠᠶᠢᠬᠠᠨ ᠵᠢᠷᠤᠭ ᠢᠦᠢ | ᠴᠢᠤᠸᠠᠨ ᠲᠣᠭᠤᠷᠢᠭ ᠲᠤ ᠠᠯᠭᠤᠷᠬᠠᠨ ᠢᠶᠠᠷ ᠳᠡᠯᠭᠡᠭᠳᠡᠪᠡ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |