ᠢᠦᠢ ᠴᠢᠤᠸᠠᠨ ᠲᠣᠭᠤᠷᠢᠭ ︽3 · 15︾ ᠳᠤ ᠬᠦᠴᠦ ᠨᠡᠮᠡᠷᠢᠯᠡᠵᠦ ᠬᠡᠷᠡᠭᠯᠡᠭᠡᠨ ᠤ ᠢᠲᠡᠭᠡᠯ ᠵᠣᠷᠢᠭ ᠢ ᠬᠥᠪᠴᠢᠯᠡᠪᠡ
ᠨᠡᠶᠢᠲᠡᠯᠡᠭᠰᠡᠨ ᠴᠠᠭ᠄
2025/3/17
     ︽3 · 15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠠᠨᠤᠮᠵᠢᠲᠠᠢ ᠬᠡᠷᠡᠭᠯᠡᠭᠡ ᠶᠢ ᠬᠠᠮᠲᠤᠪᠠᠷ ᠴᠤᠭᠴᠠᠯᠠᠵᠤ ᠰᠠᠶᠢᠨ ᠰᠠᠶᠢᠬᠠᠨ ᠠᠮᠢᠳᠤᠷᠠᠯ ᠢ ᠰᠠᠬᠢᠨ ᠬᠠᠮᠠᠭᠠᠯᠠᠬᠤ︾ ᠣᠨ ᠤ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠤᠯᠠᠨ ᠰᠠᠯᠠᠭ᠎ᠠ ᠮᠥᠴᠢᠷ ᠲᠠᠢ ᠬᠠᠮᠲᠤᠷᠠᠨ ᠬᠤᠩ ᠰᠢᠩ ᠮᠧᠢ ᠺᠠᠢ ᠯᠦᠩ ᠠᠭᠤᠳᠠᠮ ᠲᠠᠯᠠᠪᠠᠢ ᠳᠤ ᠬᠡᠷᠡᠭᠯᠡᠭᠡᠨ ᠤ ᠡᠷᠬᠡ ᠠᠰᠢᠭ ᠢᠶᠠᠨ ᠬᠠᠮᠠᠭᠠᠯᠠᠬᠤ ᠰᠢᠷᠢᠰ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠶᠢ ᠲᠣᠭᠤᠷᠢᠭ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠤᠬᠠᠭᠤᠯᠬᠤ᠂ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ᠂ ᠠᠮᠠᠯᠠᠯᠲᠠ ᠶᠢᠨ ᠰᠠᠨᠠᠭᠠᠴᠢᠯᠠᠭ᠎ᠠ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠬᠡᠷᠡᠭᠯᠡᠭᠡᠨ ᠤ ᠢᠲᠡᠭᠡᠯ ᠢ ᠬᠥᠪᠴᠢᠯᠡᠨ᠂ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠪᠣᠶ ᠪᠣᠯᠭᠠᠪᠠ᠃
     ᠠᠵᠢᠯᠯᠠᠭ᠎ᠠ ᠨᠢ ︽ᠡᠷᠬᠡ ᠪᠠᠨ ᠬᠠᠮᠠᠭᠠᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠡᠷᠡᠭᠯᠡᠭᠡᠨ ᠤ ᠣᠷᠴᠢᠨ ᠨᠦᠬᠦᠴᠡᠯ ᠢ ᠰᠢᠯᠢᠳᠡᠭᠵᠢᠭᠦᠯᠬᠦ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠷᠭᠡᠨ ᠢᠶᠠᠷ ᠤᠬᠠᠭᠤᠯᠬᠤ᠂ ᠮᠡᠳᠡᠯᠭᠡ ᠶᠢ ᠲᠦᠭᠡᠮᠡᠯᠵᠢᠭᠦᠯᠬᠦ᠂ ᠨᠡᠶᠢᠭᠡᠮ ᠢ ᠬᠠᠮᠲᠤ ᠪᠠᠷ ᠵᠠᠰᠠᠬᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠪᠠ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠪᠠ᠃ ᠲᠤᠬᠠᠶ ᠶᠢᠨ ᠲᠠᠯᠠᠪᠠᠶ ᠳᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠲᠤᠰᠬᠠᠶ ᠣᠷᠣᠨ ᠭᠠᠷᠭᠠᠬᠤ ᠶᠢᠨ ᠬᠠᠮᠲᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠢᠨᠠᠨ ᠬᠠᠮᠢᠶᠠᠷᠬᠤ᠂ ᠦᠢᠯᠡᠳᠬᠦᠨ ᠤ ᠶᠠᠰᠤ ᠴᠢᠨᠠᠷ ᠢ ᠵᠢᠷᠤᠮᠵᠢᠭᠤᠯᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠵᠡᠷᠭᠡ ᠬᠦᠷᠢᠶᠡᠨ ᠳᠤ ᠴᠢᠭᠯᠡᠭᠦᠯᠦᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠪᠡ᠃ ᠬᠠᠭᠤᠷᠮᠠᠭ ᠮᠠᠭᠤ ᠲᠠᠸᠠᠷ ᠢ ᠳᠡᠯᠭᠡᠨ ᠦᠵᠡᠭᠦᠯᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠲᠠᠶᠢᠯᠪᠤᠷᠢᠯᠠᠬᠤ᠂ ᠠᠰᠠᠭᠤᠨ ᠯᠠᠪᠯᠠᠵᠤ ᠮᠠᠳᠠᠭ ᠲᠠᠢ ᠠᠰᠠᠭᠤᠳᠠᠯ ᠢ ᠬᠠᠷᠢᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠢ ᠬᠠᠪᠰᠤᠷᠤᠨ ᠬᠠᠥᠯᠢᠵᠢᠯ ᠤᠨ ᠤᠬᠠᠮᠰᠠᠷ ᠪᠠ ᠡᠷᠬᠡ ᠪᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠪᠡ᠃ ᠡᠭᠦᠨ ᠠᠴᠠ ᠭᠠᠳᠠᠨ᠎ᠠ᠂ ᠠᠵᠤ ᠠᠬᠤᠶᠢᠯᠠᠯ ᠤᠨ ᠲᠥᠯᠥᠭᠡᠯᠡᠭᠴᠢ ᠲᠤᠬᠠᠶ ᠶᠢᠨ ᠲᠠᠯᠠᠪᠤᠷ ᠲᠤ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠬᠤᠳᠠᠯᠳᠤᠭᠠᠴᠢᠳ ᠢ ᠬᠥᠲᠥᠯᠦᠨ ᠵᠢᠯᠣᠭᠤᠳᠴᠤ ᠪᠠᠶᠢᠭᠠᠳ ᠨᠡᠶᠢᠭᠡᠮ ᠤᠨ ᠬᠠᠷᠢᠭᠤᠴᠠᠯᠭ᠎ᠠ ᠶᠢ ᠨᠢ ᠰᠠᠨᠠᠭᠠᠴᠢᠯᠠᠭ᠎ᠠ ᠠᠴᠠ ᠪᠠᠨ ᠭᠦᠢᠴᠡᠳᠭᠡᠭᠦᠯᠪᠡ᠃
     ᠲᠣᠰ ᠤᠳᠠᠭᠠᠨ ᠤ ᠠᠵᠢᠯᠯᠠᠭ᠎ᠠ ᠨᠢ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠨᠡᠶᠢᠭᠡᠮ ᠤᠨ ᠬᠠᠮᠲᠤ ᠶᠢᠨ ᠲᠠᠨᠢᠯᠲᠠ ᠶᠢ ᠪᠦᠲᠦᠮᠵᠢᠲᠡᠶ ᠪᠠᠷ ᠨᠢᠭᠲᠠᠷᠠᠭᠤᠯᠵᠤ᠂ ︽ᠬᠤᠤᠰ ᠴᠢᠭᠯᠡᠯ ᠢᠶᠠᠷ ᠳᠡᠭᠡᠭᠰᠢᠯᠡᠭᠦᠯᠬᠦ︾ ᠶᠢ ᠪᠡᠶᠡᠯᠡᠭᠦᠯᠵᠦ  —— ᠣᠯᠠᠨ ᠲᠦᠮᠡᠨ ᠤ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠢ ᠴᠢᠩᠭᠠᠳᠬᠠᠭᠰᠠᠨ ᠮᠦᠷᠲᠡᠭᠡᠨ ᠡᠵᠡᠩᠨᠡᠭᠴᠢᠳ ᠤᠨ ᠦᠨᠡᠨᠴᠢ ᠢᠲᠡᠭᠡᠮᠵᠢᠲᠠᠢ ᠪᠠᠶᠢᠬᠤ ᠪᠠ ᠡᠶ᠎ᠡ ᠵᠣᠬᠢᠴᠠᠯ ᠲᠠᠢ ᠬᠡᠷᠡᠭᠯᠡᠭᠡᠨ ᠤ ᠬᠠᠷᠢᠴᠠᠭ᠎ᠠ ᠶᠢ ᠪᠠᠶᠢᠭᠤᠯᠬᠤ ᠳᠤ ᠬᠥᠳᠡᠯᠭᠡᠭᠴᠢ ᠬᠦᠴᠦᠨ ᠣᠯᠭᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽3 · 15︾ ᠢᠶᠠᠷ ᠠᠵᠠ ᠲᠣᠬᠢᠶᠠᠯ ᠪᠣᠯᠭᠠᠵᠤ᠂ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠮᠡᠳᠡᠯᠭᠡ ᠶᠢ ︽ᠲᠠᠪᠤ ᠳᠤ ᠣᠷᠣᠭᠤᠯᠬᠤ︾ ︵ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠰᠤᠷᠭᠠᠭᠤᠯᠢ᠂ ᠠᠵᠤ ᠠᠬᠤᠶᠢᠯᠠᠯ᠂ ᠦᠵᠡᠮᠵᠢ ᠶᠢᠨ ᠣᠷᠣᠨ ᠳᠤ ᠣᠷᠣᠭᠤᠯᠬᠤ︶ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠲᠠᠢ ᠬᠦᠷᠢᠶ᠎ᠡ ᠲᠠᠢ ᠤᠶᠠᠯᠳᠤᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠠᠭᠠᠯᠳᠤᠯᠭ᠎ᠠ ᠶᠢᠨ ᠠᠷᠭ᠎ᠠ ᠵᠠᠮ ᠢ ᠰᠢᠯᠤᠭᠤᠳᠬᠠᠵᠤ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠰᠢᠨ᠎ᠡ ᠪᠠᠶᠢᠷᠢᠰᠢᠯ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠨ᠎ᠠ᠃
        ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号