ᠢᠦᠢ ᠴᠢᠤᠸᠠᠨ ᠲᠣᠭᠤᠷᠢᠭ ᠤᠨ ᠭᠡᠷ ᠪᠦᠯᠢ ᠶᠢᠨ ᠰᠤᠷᠭᠠᠨ ᠬᠥᠮᠦᠵᠢᠯ ᠤᠨ ᠮᠡᠳᠡᠯᠭᠡ ᠶᠢᠨ ᠲᠠᠶᠢᠯᠤᠮᠵᠢ ᠲᠡᠭᠦᠰ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2025/3/17
     ᠭᠡᠷ ᠤᠨ ᠠᠬᠠᠮᠠᠳ ᠢ ᠬᠠᠪᠰᠤᠷᠤᠨ ᠰᠢᠨᠵᠢᠯᠡᠬᠦ ᠤᠬᠠᠭᠠᠨᠴᠢ ᠭᠡᠷ ᠪᠦᠯᠢ ᠶᠢᠨ ᠰᠤᠷᠭᠠᠨ ᠬᠥᠮᠦᠵᠢᠯ ᠤᠨ ᠠᠷᠭ᠎ᠠ ᠶᠢ ᠨᠡᠩ ᠰᠠᠶᠢᠨ ᠡᠵᠡᠮᠰᠢᠵᠦ᠂ ᠬᠡᠦᠬᠡᠳ ᠤᠨ ᠡᠷᠡᠭᠦᠯ ᠢᠶᠠᠷ ᠦᠰᠦᠨ  ᠪᠤᠶᠢᠵᠢᠬᠤ ᠶᠢ ᠠᠬᠢᠭᠤᠯᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠢᠦᠢ ᠴᠢᠤᠸᠠᠨ ᠲᠣᠭᠤᠷᠢᠭ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠢᠦᠢ ᠴᠢᠤᠸᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠵᠧᠩ ᠴᠧᠩ ᠰᠤᠷᠭᠠᠨ ᠬᠥᠮᠦᠵᠢᠯ ᠤᠨ ᠡᠭᠦᠰᠭᠡᠨ ᠪᠠᠶᠢᠭᠤᠯᠤᠭᠴᠢ᠂ ᠭᠡᠷ ᠪᠦᠯᠢ ᠶᠢᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯᠲᠡᠨ ᠵᠣᠣ ᠵᠢᠩ ᠪᠠᠭᠰᠢ ᠶᠢ ᠤᠨᠴᠠᠭᠠᠶᠢᠯᠠᠨ ᠤᠷᠢᠵᠤ᠂ ᠬᠥᠬᠡᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠳᠤ ᠭᠡᠷ ᠪᠦᠯᠢ ᠶᠢᠨ ᠰᠤᠷᠭᠠᠨ ᠬᠥᠮᠦᠵᠢᠯ ᠤᠨ ᠮᠡᠳᠡᠯᠭᠡ ᠶᠢᠨ ᠲᠠᠶᠢᠯᠤᠮᠵᠢ ᠬᠢᠵᠡᠢ᠃ ᠲᠠᠶᠢᠯᠤᠮᠵᠢ ᠨᠢ ︽ᠳᠠᠳᠬᠠᠯ ᠢ ᠪᠣᠶ ᠪᠣᠯᠭᠠᠬᠤ ᠠᠷᠭ᠎ᠠ︾ ᠵᠡᠷᠭᠡ ᠭᠤᠤᠯ ᠠᠭᠤᠯᠭ᠎ᠠ ᠶᠢᠨ ᠲᠣᠭᠤᠷᠢᠨ ᠳᠤ ᠦᠷᠨᠢᠭᠦᠯᠵᠦ᠂ ᠮᠠᠰᠢ ᠣᠯᠠᠨ ᠬᠡᠷ ᠤᠨ ᠠᠬᠠᠮᠠᠳ ᠢᠳᠡᠪᠬᠢᠲᠡᠢ ᠤᠷᠤᠯᠴᠠᠪᠠ᠃
     ᠵᠣᠣ ᠵᠢᠩ ᠪᠠᠭᠰᠢ ᠶᠠᠭᠤᠨ ᠤ ᠡᠮᠦᠨ᠎ᠡ ᠬᠡᠦᠬᠡᠳ ᠤᠨ ᠦᠰᠦᠨ ᠪᠤᠶᠢᠵᠢᠯᠲᠠ ᠶᠢᠨ ᠳᠤᠮᠳᠠᠬᠢ ᠴᠢᠬᠤᠯᠠ ᠴᠢᠨᠠᠷ ᠢ ᠴᠢᠬᠤᠯᠠᠴᠢᠯᠠᠵᠠᠶ᠃ ᠰᠠᠶᠢᠨ ᠰᠠᠶᠢᠬᠠᠨ ᠵᠠᠩ ᠳᠠᠳᠬᠠᠯ ᠪᠣᠯ ᠬᠡᠦᠬᠡᠳ ᠤᠨ ᠢᠷᠡᠭᠡᠳᠦᠢ ᠳᠤ ᠠᠮᠵᠢᠯᠲᠠ ᠤᠯᠬᠤ ᠰᠠᠭᠤᠷᠢ ᠮᠥᠨ᠂ ᠰᠠᠶᠢᠨ ᠰᠠᠶᠢᠬᠠᠨ ᠵᠠᠩ ᠳᠠᠳᠬᠠᠯ ᠤᠨ ᠪᠤᠢ ᠪᠤᠯᠬᠤ ᠨᠢ ᠪᠠᠭ᠎ᠠ ᠠᠴᠠ ᠡᠬᠢᠯᠡᠨ ᠬᠢᠵᠦ᠂ ᠠᠮᠢᠳᠤᠷᠠᠯ ᠤᠨ ᠳᠤᠮᠳᠠᠬᠢ ᠵᠢᠵᠢᠭ ᠰᠠᠵᠢᠭ ᠵᠦᠢᠯᠡᠰ ᠠᠴᠠ ᠭᠠᠷᠳᠠᠵᠤ᠂ ᠭᠡᠷ ᠤᠨ ᠠᠬᠠᠮᠠᠳ ᠲᠤ ᠬᠡᠦᠬᠡᠳ ᠢ ᠬᠠᠪᠰᠤᠷᠤᠨ ᠳᠠᠳᠬᠠᠯ ᠲᠠᠢ ᠪᠣᠯᠭᠠᠬᠤ ᠦᠶ᠎ᠡ ᠳᠤ ᠶᠠᠭᠤᠨ ᠤ ᠡᠮᠦᠨ᠎ᠡ ᠬᠠᠷᠠᠯᠲᠠ ᠪᠠᠨ ᠲᠣᠳᠣᠷᠬᠠᠶᠢᠯᠠᠵᠤ᠂ ᠨᠢᠭᠡ ᠯᠡ ᠤᠳᠠᠭ᠎ᠠ ᠳᠤ ᠬᠡᠳᠦ ᠤᠯᠠᠨ ᠱᠠᠭᠠᠷᠳᠠᠯᠭ᠎ᠠ ᠲᠣᠭᠲᠠᠭᠠᠬᠤ ᠠᠴᠠ ᠵᠠᠶᠢᠯᠠᠰᠬᠢᠬᠦ ᠬᠡᠷᠡᠭᠲᠡᠢ ᠭᠡᠵᠦ ᠰᠠᠨᠠᠭᠤᠯᠪᠠ᠃ ᠳᠦᠭᠦᠮᠬᠡᠨ ᠳᠠᠳᠬᠠᠯ ᠠᠴᠠ ᠡᠬᠢᠯᠡᠨ ᠬᠢᠵᠦ᠂ ᠵᠢᠱᠢᠶᠡᠯᠡᠪᠡᠯ ᠲᠣᠭᠲᠠᠭᠰᠠᠨ ᠴᠠᠭ ᠲᠤ ᠠᠮᠠᠷᠠᠵᠤ᠂ ᠪᠢᠴᠢᠭ ᠤᠨ ᠪᠣᠭᠴᠣ ᠪᠠᠨ ᠡᠮᠬᠢᠯᠡᠬᠦ ᠵᠡᠷᠭᠡ ᠪᠠᠶᠢᠵᠤ᠂ ᠠᠯᠬᠤᠮ ᠠᠯᠬᠤᠮ ᠢᠶᠠᠷ ᠬᠦᠴᠢᠷᠳᠡᠯ ᠢ ᠨᠢ ᠨᠡᠮᠡᠭᠳᠡᠭᠦᠯᠵᠦ᠂ ᠬᠡᠤᠬᠡᠳ ᠲᠤ ᠠᠯᠬᠤᠮ ᠠᠯᠬᠤᠮ ᠢᠶᠠᠷ ᠠᠮᠵᠢᠯᠲᠠ ᠪᠦᠲᠦᠮᠵᠢ ᠶᠢᠨ ᠲᠥᠷᠥᠭᠳᠡᠯ ᠢ ᠨᠢ ᠮᠡᠳᠡᠷᠡᠭᠦᠯᠬᠦ ᠬᠡᠷᠡᠭᠲᠡᠢ᠃ ᠡᠭᠦᠨ ᠠᠴᠠ ᠭᠠᠳᠠᠨ᠎ᠠ᠂ ᠵᠣᠣ ᠵᠢᠩ ᠪᠠᠭᠰᠢ ᠳᠤᠷᠠᠳᠤᠭᠰᠠᠨ ᠨᠢ᠂ ᠳᠠᠳᠬᠠᠯ ᠢ ᠪᠣᠶ ᠪᠣᠯᠭᠠᠬᠤ ᠶᠠᠪᠤᠴᠠ ᠳᠤ᠂ ᠬᠡᠷ ᠤᠨ ᠠᠬᠠᠮᠠᠳ ᠤᠨ ᠵᠣᠷᠢᠭᠵᠢᠭᠤᠯᠤᠯ ᠪᠠ ᠮᠡᠳᠡᠷᠡᠮᠵᠢ ᠲᠦᠢᠯ ᠤᠨ ᠴᠢᠬᠤᠯᠠ ᠪᠠᠶᠢᠳᠠᠭ᠂ ᠬᠡᠷ ᠤᠨ ᠠᠬᠠᠮᠠᠳ ᠬᠡᠦᠬᠡᠳ ᠤᠨ ᠳᠠᠪᠰᠢᠯᠲᠠ ᠶᠢ ᠢᠯᠡᠭᠦᠬᠡᠨ ᠠᠩᠬᠠᠷᠴᠤ᠂ ᠴᠠᠭ ᠲᠤᠬᠠᠶ ᠳᠤᠨᠢ ᠬᠥᠬᠢᠭᠦᠯᠦᠨ ᠱᠠᠩᠨᠠᠵᠤ᠂ ᠬᠡᠤᠬᠡᠳ ᠢ ᠬᠠᠪᠰᠤᠷᠤᠨ ᠢᠲᠡᠭᠡᠯ ᠵᠣᠷᠢᠭ ᠢ ᠨᠢ ᠪᠤᠢ ᠪᠣᠯᠭᠠᠵᠤ᠂ ᠡᠭᠦᠨ ᠤ ᠤᠯᠠᠮ ᠠᠴᠠ ᠨᠠᠩ ᠰᠠᠨᠠᠭᠠᠴᠢᠯᠠᠭ᠎ᠠ ᠠᠴᠠ ᠪᠠᠨ ᠰᠠᠶᠢᠨ ᠳᠠᠳᠬᠠᠯ ᠢ ᠪᠠᠷᠢᠮᠲᠠᠯᠠᠬᠤ ᠬᠡᠷᠡᠭᠲᠡᠶ ᠭᠡᠵᠡᠶ᠃
     ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠬᠡᠷ ᠤᠨ ᠠᠬᠠᠮᠠᠳ ᠨᠠᠷ ᠶᠡᠭᠡ ᠣᠯᠤᠯᠲᠠ ᠲᠠᠢ ᠭᠡᠵᠦ ᠢᠯᠡᠳᠬᠡᠵᠡᠭᠡᠪᠡ᠃ ᠨᠢᠭᠡ ᠭᠡᠷ ᠤᠨ ᠠᠬᠠᠮᠠᠳ᠄ ︽ᠵᠤᠤ ᠪᠠᠭᠰᠢ ᠶᠢᠨ ᠲᠠᠶᠢᠯᠤᠮᠵᠢ ᠨᠠᠳᠠ ᠳᠤ ᠬᠡᠤᠬᠡᠳ ᠲᠤ ᠪᠠᠨ ᠬᠠᠨᠢ ᠪᠣᠯᠬᠤ ᠨᠢ ᠴᠠᠭ ᠤᠨ ᠠᠰᠠᠭᠤᠳᠠᠯ ᠪᠢᠰᠢ᠂ ᠨᠠᠩ ᠴᠢᠬᠤᠯᠠ ᠨᠢ ᠶᠠᠰᠤ ᠴᠢᠨᠠᠷ ᠪᠣᠯᠤᠨ᠎ᠠ ᠭᠡᠳᠡᠭ ᠢ ᠮᠡᠳᠡᠷᠡᠭᠦᠯᠪᠡ᠃ ᠬᠤᠶᠢᠰᠢᠳᠠ ᠪᠢ ᠬᠡᠦᠬᠡᠳ ᠲᠠᠢ ᠪᠠᠨ ᠬᠠᠷᠢᠯᠴᠠᠬᠤ ᠶᠢ ᠨᠡᠩ ᠴᠢᠬᠤᠯᠠᠴᠢᠯᠠᠵᠤ᠂ ᠲᠡᠭᠦᠨ ᠢ ᠬᠠᠪᠰᠤᠷᠤᠨ ᠰᠠᠶᠢᠨ ᠰᠠᠶᠢᠬᠠᠨ ᠵᠠᠩ ᠳᠠᠳᠬᠠᠯ ᠲᠠᠢ ᠪᠣᠯᠭᠠᠨ᠎ᠠ︾ ᠭᠡᠵᠦ ᠬᠡᠯᠡᠪᠡ᠃ ᠨᠥᠭᠦᠭᠡ ᠨᠢᠭᠡ ᠬᠡᠷ ᠤᠨ ᠠᠬᠠᠮᠠᠳ᠄ ︽ᠲᠠᠶᠢᠯᠤᠮᠵᠢ ᠶᠢᠨ ᠳᠤᠮᠳᠠᠬᠢ ᠮᠠᠰᠢ ᠣᠯᠠᠨ ᠠᠷᠭ᠎ᠠ ᠴᠥᠮ ᠮᠠᠰᠢ ᠬᠡᠷᠡᠭᠴᠡᠭᠡ ᠲᠠᠢ᠂ ᠪᠢ ᠡᠳᠦᠷ ᠲᠤᠲᠤᠮ ᠤᠨ ᠠᠮᠢᠳᠤᠷᠠᠯ ᠳᠤᠮᠳᠠ ᠲᠤᠷᠰᠢᠨ ᠬᠡᠷᠡᠭᠯᠡᠵᠦ᠂ ᠬᠡᠦᠬᠡᠳ ᠲᠠᠢ ᠬᠠᠮᠲᠤ ᠦᠰᠦᠨ ᠪᠤᠶᠢᠵᠢᠨ᠎ᠠ︾ ᠭᠡᠵᠦ ᠢᠯᠡᠳᠬᠡᠪᠡ᠃      ᠲᠣᠰ ᠤᠳᠠᠭᠠᠨ ᠤ ᠬᠡᠷ ᠪᠦᠯᠢ ᠶᠢᠨ ᠬᠥᠮᠦᠵᠢᠯ ᠤᠨ ᠮᠡᠳᠡᠯᠭᠡ ᠶᠢᠨ ᠲᠠᠶᠢᠯᠤᠮᠵᠢ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠤᠯ ᠰᠢᠵᠢᠮ ᠪᠣᠯᠭᠠᠵᠤ᠂ ᠬᠡᠷ ᠤᠨ ᠠᠬᠠᠮᠠᠳ ᠲᠤ ᠰᠢᠨᠵᠢᠯᠡᠬᠦ ᠤᠬᠠᠭᠠᠨᠴᠢ ᠬᠡᠦᠬᠡᠳ ᠪᠤᠶᠢᠵᠢᠭᠤᠯᠬᠤ ᠠᠷᠭ᠎ᠠ ᠶᠢ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠣᠯᠠᠨ ᠳᠤ ᠰᠣᠯᠢᠯᠴᠠᠨ ᠰᠤᠷᠤᠯᠴᠠᠬᠤ ᠲᠠᠪᠴᠠᠩ ᠪᠠᠶᠢᠭᠤᠯᠵᠤ ᠥᠭᠴᠡᠶ᠃ ᠢᠦᠢ ᠴᠢᠤᠸᠠᠨ ᠲᠣᠭᠤᠷᠢᠭ ᠤᠨ ᠬᠢᠨ ᠭᠡᠷ ᠪᠦᠯᠢ ᠶᠢᠨ ᠰᠤᠷᠭᠠᠨ ᠬᠥᠮᠦᠵᠢᠯ ᠤᠨ ᠬᠦᠷᠢᠶ᠎ᠡ ᠶᠢ ᠦᠷᠭᠦᠯᠵᠢᠯᠡᠨ ᠠᠩᠬᠠᠷᠴᠤ᠂ ᠨᠡᠩ ᠤᠯᠠᠨ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠵᠦ᠂ ᠭᠡᠷ ᠤᠨ ᠠᠬᠠᠮᠠᠳ ᠢ ᠬᠠᠪᠰᠤᠷᠤᠨ ᠬᠡᠦᠬᠡᠳ ᠪᠤᠶᠢᠵᠢᠭᠤᠯᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠬᠡᠦᠬᠡᠳ ᠤᠨ ᠡᠷᠡᠭᠦᠯ ᠴᠢᠭᠢᠷᠠᠭ ᠪᠠᠶᠠᠷ ᠪᠠᠶᠠᠰᠬᠤᠯᠠᠩ ᠲᠠᠢ ᠪᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠨ᠎ᠡ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号