ᠣᠶᠢᠷ᠎ᠠ ᠳᠤ᠂ ᠢᠦᠢ ᠴᠢᠤᠸᠠᠨ ᠲᠣᠭᠤᠷᠢᠭ ᠤᠨ ᠶᠣᠰᠣ ᠰᠤᠷᠲᠠᠬᠤᠨ ᠤ ᠵᠢᠱᠢᠶᠡᠴᠢ ᠪᠠ ᠳᠡᠷᠭᠡᠳᠡᠬᠢ ᠰᠠᠶᠢᠨ | ᠬᠥᠮᠦᠨ ᠤ ᠲᠣᠭᠤᠷᠢᠨ ᠲᠠᠶᠢᠯᠪᠤᠷᠢᠯᠠᠯᠲᠠ ᠪᠠᠭ᠎ᠠ ᠲᠦᠷᠭᠡᠨ ᠭᠤᠣᠯ ᠪᠠᠯᠭᠠᠰᠤᠨ ᠳᠤ ᠬᠦᠷᠪᠡ᠃ ᠥᠪᠥᠷ ᠮᠣᠩᠭᠤᠯ ᠤᠨ | ᠰᠠᠶᠢᠨ ᠬᠥᠮᠦᠨ᠂ ᠬᠥᠬᠡᠬᠤᠲᠠ ᠶᠢᠨ ᠶᠣᠰᠣ ᠰᠤᠷᠲᠠᠬᠤᠨ ᠤ ᠵᠢᠱᠢᠶᠡᠴᠢ ᠶᠤᠸᠠᠨ ᠴᠤᠤ 50 ᠭᠠᠷᠤᠶ ᠪᠠᠭ᠎ᠠ ᠲᠦᠷᠭᠡᠨ | ᠭᠤᠤᠯ ᠪᠠᠯᠭᠠᠰᠤᠨ ᠤ ᠰᠠᠭᠤᠭᠠᠯᠢ ᠠᠷᠠᠳ᠂ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠳᠤ | ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠬᠠᠶᠢᠷ᠎ᠠ ᠬᠠᠯᠠᠮᠵᠢ ᠪᠠᠨ ᠡᠷᠭᠦᠭᠰᠡᠨ ᠦᠢᠯᠡ | ᠠᠵᠢᠯᠯᠠᠭ᠎ᠠ ᠪᠠᠨ ᠬᠤᠪᠢᠶᠠᠯᠴᠠᠪᠠ᠃ | | | | | 2016 ᠣᠨ ᠤ 11 ᠳ᠋ᠤᠭᠡᠷ ᠰᠠᠷ᠎ᠠ ᠶᠢᠨ 26 ᠤ ᠡᠳᠦᠷ ᠤᠨ 9 ᠴᠠᠭ 40 ᠮᠢᠨᠦ᠋ᠲ ᠲᠤ ᠰᠢᠯᠢ ᠶᠢᠨ | ᠡᠮᠦᠨ᠎ᠡ ᠵᠠᠮ ᠤᠨ ᠭᠠᠷ ᠤᠷᠠᠯᠠᠯ ᠤᠨ ᠦᠢᠯᠡᠳᠪᠦᠷᠢ ᠭᠤᠳᠤᠮᠵᠢ ᠶᠢᠨ ᠤᠶᠢᠷᠠᠯᠴᠠᠭ᠎ᠠ᠂ ᠴᠠᠬᠢᠯᠭᠠᠨ ᠬᠥᠳᠡᠯᠭᠡᠭᠦᠷᠲᠦ | ᠲᠡᠷᠭᠡ ᠤᠨᠤᠭᠰᠠᠨ ᠡᠮᠡᠭᠲᠡᠢ ᠮᠠᠰᠢᠨ ᠲᠡᠷᠭᠡ ᠲᠠᠢ ᠮᠦᠷᠭᠦᠵᠦ᠂ ᠲᠣᠯᠣᠭᠠᠢ ᠶᠢᠨ ᠬᠡᠰᠡᠭ ᠠᠴᠠ ᠨᠢ ᠴᠢᠰᠤ ᠭᠠᠷᠪᠠ᠃ | ᠲᠣᠭᠤᠷᠢᠨ ᠴᠠᠭᠳᠠᠵᠤ ᠪᠠᠶᠢᠭᠰᠠᠨ ᠶᠤᠸᠠᠨ ᠴᠤᠤ ᠪᠠᠶᠢᠴᠠᠭᠠᠨ ᠦᠵᠡᠵᠦ 120 ᠶᠢ ᠤᠲᠠᠰᠤᠳᠠᠵᠠᠢ᠃ ᠬᠦᠢᠲᠡᠨ | ᠠᠭᠤᠷ ᠠᠮᠢᠰᠬᠤᠯ ᠳᠤ᠂ ᠲᠡᠷᠡ ᠥᠴᠦᠬᠡᠨ ᠴᠦ ᠲᠠᠲᠠᠭᠠᠯᠵᠠᠯ ᠦᠭᠡᠢ ᠪᠠᠷ ᠵᠢᠵᠢᠭᠦᠷ ᠤᠨ ᠬᠤᠪᠴᠠᠰᠤ ᠪᠠᠨ ᠲᠠᠶᠢᠯᠵᠤ | ᠲᠡᠭᠦᠨ ᠢ ᠳᠤᠯᠠᠭᠠᠯᠠᠵᠤ᠂ ᠪᠠᠰᠠ ᠣᠯᠪᠣᠭ ᠣᠯᠵᠤ᠂ ᠳᠠᠩ ᠬᠤᠪᠴᠠᠰᠤ ᠡᠮᠦᠰᠦᠨ ᠬᠦᠢᠲᠡᠨ ᠰᠠᠯᠬᠢᠨ ᠳᠤ ᠰᠠᠬᠢᠨ | ᠬᠠᠮᠠᠭᠠᠯᠠᠵᠤ᠂ ᠲᠦᠷᠭᠡᠨ ᠠᠪᠤᠷᠠᠬᠤ ᠲᠡᠷᠭᠡ ᠬᠦᠷᠴᠦ ᠢᠷᠡᠲᠡᠯ᠎ᠡ ᠪᠠᠶᠢᠪᠠ᠃ | 2023 ᠣᠨ ᠤ 6 ᠳ᠋ᠤᠭᠠᠷ ᠰᠠᠷ᠎ᠠ ᠶᠢᠨ 18 ᠤ ᠡᠳᠦᠷ᠂ ᠬᠤᠷᠢᠨ ᠵᠢᠷᠭᠤᠳᠤᠭᠠᠷ ᠳᠤᠮᠳᠠᠳᠤ | ᠰᠤᠷᠭᠠᠭᠤᠯᠢ ᠶᠢᠨ ᠡᠮᠦᠨ᠎ᠡ ᠭᠤᠳᠤᠮᠵᠢ ᠪᠣᠯᠤᠨ ᠱᠢ ᠶᠠᠩ ᠴᠢᠶᠣᠤ ᠵᠠᠮ ᠤᠨ ᠠᠭᠤᠯᠵᠠᠷ ᠲᠤ ᠵᠠᠮ ᠬᠠᠷᠢᠯᠴᠠᠭᠠᠨ ᠤ | ᠠᠳᠡᠯ ᠭᠠᠷᠴᠤ᠂ ᠡᠬᠡ ᠥᠬᠢᠨ ᠰᠢᠷᠬᠠᠲᠤᠪᠠ᠃ ᠲᠤᠬᠠᠶ ᠶᠢᠨ ᠦᠶ᠎ᠡ ᠳᠤ ᠠᠭᠤᠷ ᠠᠮᠢᠰᠬᠤᠯ 28 ᠭᠷᠠᠳᠦ᠋ᠰ ᠤᠨ | ᠣᠷᠴᠢᠮ ᠪᠠᠶᠢᠵᠤ᠂ ᠰᠢᠷᠬᠠᠲᠤᠭᠰᠠᠳ ᠤᠨ ᠨᠠᠷᠠᠰᠢᠬᠤ ᠠᠴᠠ ᠰᠡᠷᠭᠡᠶᠢᠯᠡᠬᠦ ᠶᠢᠨ ᠲᠥᠯᠥᠭᠡ᠂ ᠶᠤᠸᠠᠨ ᠴᠤᠤ ᠨᠠᠷᠠ | ᠬᠠᠯᠬᠠᠯᠠᠬᠤ ᠰᠢᠬᠦᠷ ᠵᠢᠭᠡᠯᠡᠵᠦ᠂ ᠰᠢᠷᠬᠠᠲᠤᠭᠰᠠᠳ ᠲᠤ ᠨᠡᠷᠡᠨ ᠤ ᠭᠡᠷᠡᠯ ᠢ ᠬᠠᠯᠬᠠᠯᠠᠵᠤ᠂ ᠲᠣᠬᠤᠨᠢᠭᠤᠯᠵᠤ᠂ 20 | ᠭᠠᠷᠤᠢ ᠮᠢᠨᠦ᠋ᠲ ᠪᠠᠲᠤ ᠰᠠᠬᠢᠵᠤ᠂ ᠠᠪᠤᠷᠠᠨ ᠲᠤᠰᠠᠯᠠᠬᠤ ᠬᠥᠮᠦᠰ ᠢ ᠠᠪᠴᠢᠷᠠᠵᠠᠢ᠃ ᠡᠨᠡ ᠬᠤᠶᠠᠷ ᠤᠳᠠᠭᠠᠨ ᠤ | ᠰᠡᠳᠬᠢᠯ ᠢ ᠳᠤᠯᠠᠭᠠᠴᠠᠭᠤᠯᠤᠭᠰᠠᠨ ᠠᠵᠢᠯᠯᠠᠭ᠎ᠠ ᠶᠢ ᠰᠦᠯᠵᠢᠶᠡᠨ ᠨᠠᠶᠢᠵᠠ ᠨᠠᠷ ᠰᠡᠭᠦᠳᠡᠷᠯᠡᠨ ᠳᠠᠮᠵᠢᠭᠤᠯᠵᠠᠶ᠂ ᠲᠥᠪ | ᠲᠧᠯᠸᠢᠰ ᠤᠨ ᠰᠣᠨᠢᠨ ᠮᠡᠳᠡᠭᠡᠨ ᠤ ᠮᠡᠳᠡᠭᠡᠯᠡᠯ ᠢ ᠣᠯᠤᠭᠰᠠᠨ ᠤ ᠳᠠᠷᠠᠭ᠎ᠠ ᠶᠤᠸᠠᠨ ᠴᠤᠤ ︽ᠰᠦᠯᠵᠢᠶᠡᠨ ᠤᠳᠤᠨ︾ | ᠪᠣᠯᠵᠤ᠂ ᠣᠯᠠᠨ ᠲᠦᠮᠡᠨ ᠲᠡᠭᠦᠨ ᠢ ︽ᠵᠤᠨ ᠤ ᠤᠯᠠᠷᠢᠯ ᠤᠨ ᠠᠳᠡᠯ ᠬᠡᠷᠡᠭ ᠲᠤ ᠰᠢᠬᠦᠷ ᠪᠠᠷᠢᠵᠤ ᠨᠠᠷᠠ ᠶᠢ | ᠬᠠᠯᠬᠠᠯᠠᠨ᠎ᠠ᠂ ᠡᠪᠦᠯ ᠤᠨ ᠤᠯᠠᠷᠢᠯ ᠤᠨ ᠠᠳᠡᠯ ᠬᠡᠷᠡᠭ ᠲᠤ ᠬᠤᠪᠴᠠᠰᠤ ᠪᠠᠨ ᠲᠠᠶᠢᠯᠵᠤ ᠳᠤᠯᠠᠭᠠᠯᠠᠨ᠎ᠠ︾ ᠭᠡᠵᠦ | ᠮᠠᠭᠲᠠᠵᠠᠶ᠃ | ᠶᠤᠸᠠᠨ ᠴᠤᠤ ᠦᠢᠯᠡ ᠠᠵᠢᠯᠯᠠᠭ᠎ᠠ ᠪᠠᠨ ᠶᠠᠷᠢᠵᠤ ᠪᠠᠷᠠᠬᠤ ᠳᠤ ᠲᠤᠬᠠᠢ ᠶᠢᠨ ᠲᠠᠯᠠᠪᠠᠢ ᠳᠤ ᠠᠯᠠᠭ᠎ᠠ ᠲᠠᠰᠢᠬᠤ | ᠳᠠᠭᠤᠨ ᠭᠠᠷᠪᠠ᠃ ᠶᠤᠸᠠᠨ ᠴᠤᠤ ᠪᠣᠳᠠᠲᠤ ᠠᠵᠢᠯᠯᠠᠭ᠎ᠠ ᠪᠠᠷ ᠢᠶᠠᠨ ᠯᠸᠢ ᠹᠧᠩ ᠤᠨ ᠵᠣᠷᠢᠭ ᠰᠠᠨᠠᠭ᠎ᠠ ᠶᠢ | ᠠᠮᠢᠳᠤᠯᠢᠭ ᠢᠶᠠᠷ ᠲᠠᠶᠢᠯᠪᠤᠷᠢᠯᠠᠭᠰᠠᠨ ᠪᠥᠭᠡᠳ ᠪᠠᠭ᠎ᠠ ᠲᠦᠷᠭᠡᠨ ᠭᠤᠣᠯ ᠪᠠᠯᠭᠠᠰᠤᠨ ᠤ ᠲᠣᠰᠬᠤᠨ ᠤ ᠲᠤᠤᠷᠵᠢᠭᠰᠠᠨ | ᠰᠦᠯᠵᠢᠶᠡᠨ ᠤ ᠬᠠᠮᠢᠶᠠᠷᠤᠯᠲᠠ ᠶᠢᠨ ᠠᠵᠢᠯᠳᠠᠨ ᠦᠨᠳᠦᠰᠦᠨ ᠱᠠᠲᠤᠨ ᠤ ᠠᠵᠢᠯᠳᠠᠨ ᠪᠣᠯᠤᠭᠰᠠᠨ ᠤ ᠬᠤᠪᠢ ᠳᠤ᠂ | ᠡᠳᠦᠷ ᠳᠤᠳᠤᠮ ᠤᠨ ᠠᠵᠢᠯ ᠨᠢ ᠤᠯᠠᠨ ᠲᠦᠮᠡᠨ ᠲᠠᠢ ᠨᠢᠭᠲᠠ ᠬᠤᠯᠪᠣᠯᠳᠤᠵᠤ᠂ ᠨᠡᠩ ᠴᠤ ᠶᠤᠸᠠᠨ ᠴᠤᠤ ᠶᠢ | ᠦᠯᠢᠭᠡᠷ ᠳᠠᠭᠤᠷᠢᠶᠠᠯ ᠢᠶᠠᠷ ᠦᠵᠡᠵᠦ᠂ ᠪᠠᠭ᠎ᠠ ᠰᠠᠭ᠎ᠠ ᠠᠵᠢᠯ ᠤᠨ ᠳᠤᠮᠳᠠ ᠯᠸᠢ ᠹᠧᠩ ᠤᠨ ᠵᠣᠷᠢᠭ ᠰᠠᠨᠠᠭ᠎ᠠ ᠶᠢ | ᠦᠢᠯᠡᠳᠦᠯᠭᠡᠵᠢᠭᠦᠯᠵᠦ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠢ ᠬᠠᠪᠰᠤᠷᠤᠨ ᠬᠦᠴᠢᠷ | ᠠᠰᠠᠭᠤᠳᠠᠯ ᠢ ᠨᠢ ᠰᠢᠢᠳᠪᠦᠷᠢᠯᠡᠵᠦ᠂ ᠪᠤᠰᠤᠳ ᠢ ᠬᠠᠪᠰᠤᠷᠬᠤ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ | ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠵᠦ᠂ ᠬᠠᠯᠠᠭᠤᠨ ᠳᠤᠯᠠᠭᠠᠨ ᠡᠶ᠎ᠡ ᠵᠣᠬᠢᠴᠠᠩᠭᠤᠢ ᠨᠡᠶᠢᠭᠡᠮ ᠤᠨ ᠣᠷᠴᠢᠨ | ᠨᠦᠬᠦᠴᠡᠯ ᠢ ᠬᠠᠮᠲᠤᠪᠠᠷ ᠪᠤᠢ ᠪᠤᠯᠭᠠᠨ᠎ᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |