ᠢᠦᠢ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠭᠠᠯ ᠤᠨᠲᠠᠷᠠᠭᠠᠬᠤ ᠦᠢᠯᠡᠳᠬᠦᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/18
     ᠭᠠᠯ ᠤᠨᠲᠠᠷᠠᠭᠠᠬᠤ ᠦᠢᠯᠡᠳᠭᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠭᠠᠯ ᠤᠨᠲᠠᠷᠠᠭᠠᠬᠤ ᠦᠢᠯᠡᠳᠭᠦᠨ ᠢ ᠲᠠᠨᠢᠨ ᠮᠡᠳᠡᠬᠦ ᠬᠡᠮᠵᠢᠶ᠎ᠡ ᠪᠠ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠢᠦᠶ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠢᠳᠡᠪᠬᠢᠲᠡᠶ ᠬᠥᠳᠡᠯᠦᠯᠴᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠯ ᠤᠨᠲᠠᠷᠠᠭᠠᠬᠤ ᠦᠢᠯᠡᠳᠭᠦᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠬᠠᠷᠢᠶᠠᠲᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠪᠠ᠃ ᠤᠶᠢᠷ᠎ᠠ  ᠳᠤ᠂ ᠢᠦᠢ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠡᠭᠡ ᠵᠣᠣ ᠠᠭᠤᠳᠠᠮ ᠲᠠᠯᠠᠪᠠᠢ ᠳᠤ ᠣᠷᠣᠵᠤ᠂ ︽ᠳᠡᠯᠭᠡᠨ ᠦᠵᠡᠭᠦᠯᠬᠦ ᠴᠡᠭ︾ ᠲᠤ ︽3 · 15︾ ᠭᠠᠯ ᠤᠨᠲᠠᠷᠠᠭᠠᠬᠤ ᠪᠦᠲᠦᠭᠡᠭᠳᠡᠬᠦᠨ ᠤ ᠦᠨᠡᠨ ᠬᠠᠭᠤᠷᠮᠠᠭ ᠢ ᠢᠯᠭᠠᠨ ᠲᠠᠨᠢᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠶᠡᠭᠡ ᠠᠩᠭᠢ ᠶᠢᠨ ᠤᠬᠠᠭᠤᠯᠬᠤ ᠠᠵᠢᠯᠲᠠᠨ ᠭᠠᠯ ᠤᠨᠲᠠᠷᠠᠭᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠦᠷᠭᠦᠯᠵᠢ ᠬᠡᠷᠡᠭᠯᠡᠳᠡᠭ ᠭᠠᠯ ᠤᠨᠲᠠᠷᠠᠭᠠᠬᠤ ᠦᠢᠯᠡᠳᠬᠦᠨ ᠢ ᠳᠡᠯᠭᠡᠨ ᠦᠵᠡᠭᠦᠯᠬᠦ᠂ ᠭᠠᠯ ᠤᠨᠲᠠᠷᠠᠭᠠᠬᠤ ᠶᠡᠷᠦ ᠶᠢᠨ ᠮᠡᠳᠡᠯᠭᠡ ᠶᠢ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠣᠯᠠᠨ ᠲᠦᠮᠡᠨ ᠳᠤ ᠬᠠᠭᠤᠷᠮᠠᠭ ᠮᠠᠭᠤ ᠭᠠᠯ ᠤᠨᠲᠠᠷᠠᠭᠠᠬᠤ ᠦᠢᠯᠡᠳᠬᠦᠨ ᠤ ᠬᠤᠤᠷ ᠬᠥᠨᠥᠭᠡᠯ ᠵᠢᠴᠢ ᠭᠠᠯ ᠤᠨᠲᠠᠷᠠᠭᠠᠭᠤᠷ᠂ ᠪᠠᠴᠢᠮ ᠪᠠᠶᠢᠳᠠᠯ ᠢ ᠠᠷᠭᠠᠴᠠᠭᠠᠬᠤ ᠭᠡᠷᠡᠯᠲᠦᠭᠦᠯᠭᠡ ᠶᠢᠨ ᠳ᠋ᠧᠩ᠂ ᠠᠮᠢ ᠵᠢᠭᠤᠲᠠᠬᠤ ᠪᠠᠭ ᠵᠡᠷᠭᠡ ᠭᠠᠯ ᠤᠨᠲᠠᠷᠠᠭᠠᠬᠤ ᠦᠢᠯᠡᠳᠬᠦᠨ ᠤ ᠦᠨᠡᠨ ᠬᠠᠭᠤᠷᠮᠠᠭ ᠢ ᠬᠡᠷᠬᠢᠨ ᠢᠯᠭᠠᠨ ᠲᠠᠨᠢᠬᠤ ᠲᠤᠬᠠᠶ ᠲᠠᠶᠢᠯᠪᠤᠷᠢᠯᠠᠨ ᠥᠭᠴᠦ᠂ ᠪᠣᠳᠠᠲᠤ ᠶᠠᠭᠤᠮ᠎ᠠ ᠲᠠᠢ ᠤᠶᠠᠯᠳᠤᠭᠤᠯᠤᠨ ᠣᠯᠠᠨ ᠲᠦᠮᠡᠨ ᠢ ᠵᠢᠯᠣᠭᠤᠳᠤᠨ ᠬᠡᠷᠬᠢᠨ ᠭᠠᠳᠠᠷ ᠪᠠᠶᠢᠳᠠᠯ᠂ ᠬᠠᠮᠢᠶ᠎ᠠ ᠪᠦᠬᠦᠢ ᠦᠨᠡᠮᠯᠡᠯ ᠵᠡᠷᠭᠡ ᠪᠠᠷ ᠳᠠᠮᠵᠢᠭᠤᠯᠤᠨ ᠦᠨᠡᠨ ᠬᠠᠭᠤᠷᠮᠠᠭ ᠢ ᠢᠯᠭᠠᠨ ᠲᠣᠳᠣᠯᠠᠬᠤ ᠶᠢᠨ ᠬᠠᠮᠲᠤ ᠣᠯᠠᠨ ᠲᠦᠮᠡᠨ ᠢ ᠵᠢᠯᠣᠭᠤᠳᠤᠨ ᠭᠠᠯ ᠤᠨᠲᠠᠷᠠᠭᠠᠬᠤ ᠦᠢᠯᠡᠳᠬᠦᠨ ᠬᠤᠳᠠᠯᠳᠤᠨ ᠠᠪᠬᠤ ᠳᠠᠭᠠᠨ ᠬᠠᠭᠤᠷᠮᠠᠭ ᠮᠠᠭᠤ ᠦᠢᠯᠡᠳᠬᠦᠨ ᠢ ᠣᠯᠵᠤ ᠮᠡᠳᠡᠪᠡᠯ ᠳᠠᠷᠤᠶ ᠲᠦᠷᠭᠡᠨ ᠭᠠᠯ ᠤᠨᠲᠠᠷᠠᠭᠠᠬᠤ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠵᠦ᠂ ᠥᠷᠭᠡᠨ ᠣᠯᠠᠨ ᠲᠦᠮᠡᠨ ᠢ ᠳᠠᠶᠢᠴᠢᠯᠠᠨ ᠬᠠᠭᠤᠷᠮᠠᠭ ᠮᠠᠭᠤ ᠲᠠᠸᠠᠷ ᠢ ᠦᠢᠯᠡᠳᠬᠦ᠂ ᠪᠣᠷᠣᠯᠠᠭᠤᠯᠬᠤ᠂ ᠬᠡᠷᠡᠭᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠨᠡᠶᠢᠭᠡᠮ ᠤᠨ ᠬᠢᠨᠠᠯᠲᠠ ᠲᠠᠯᠪᠢᠬᠤ ᠶᠢ ᠥᠷᠨᠢᠭᠦᠯᠵᠦ᠂ ᠥᠷᠭᠡᠨ ᠣᠯᠠᠨ ᠲᠦᠮᠡᠨ ᠤ ︽ᠬᠠᠭᠤᠷᠮᠠᠭ ᠲᠠᠸᠠᠷ ᠲᠤ ᠴᠣᠬᠢᠯᠲᠠ ᠥᠭᠬᠦ︾ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠶᠢ ᠵᠤᠷᠢᠭᠵᠢᠭᠤᠯᠪᠠ᠃ ᠳᠠᠷᠠᠭ᠎ᠠ ᠨᠢ᠂ ᠶᠡᠭᠡ ᠠᠩᠭᠢ ᠶᠢᠨ ᠤᠬᠠᠭᠤᠯᠬᠤ ᠠᠵᠢᠯᠲᠠᠨ ᠡᠯ᠎ᠡ ᠲᠥᠷᠥᠯ ᠤᠨ ᠭᠠᠯ ᠤᠨ ᠠᠶᠤᠯ ᠤᠨ ᠳᠠᠯᠳᠠ ᠭᠡᠮ ᠢ ᠬᠡᠷᠬᠢᠨ ᠰᠡᠷᠭᠡᠶᠢᠯᠡᠬᠦ᠂ ᠭᠠᠯ ᠢ ᠤᠨᠲᠠᠷᠠᠭᠠᠬᠤ ᠮᠡᠳᠡᠯᠭᠡ ᠶᠢᠨ ᠲᠤᠬᠠᠶ ᠲᠠᠶᠢᠯᠤᠮᠵᠢ ᠬᠢᠵᠦ᠂ ᠠᠶᠤᠯ ᠲᠦᠭᠰᠢᠭᠦᠷᠢ ᠡᠭᠦᠰᠬᠦ ᠦᠶ᠎ᠡ ᠳᠤ ᠥᠪᠡᠷ ᠢ ᠪᠠᠨ ᠬᠡᠷᠬᠢᠨ ᠠᠪᠤᠷᠠᠬᠤ ᠵᠡᠷᠭᠡ ᠭᠠᠯ ᠤᠨᠲᠠᠷᠠᠭᠠᠬᠤ ᠮᠡᠷᠭᠡᠵᠢᠯ ᠴᠢᠳᠠᠪᠤᠷᠢ ᠶᠢ ᠡᠵᠡᠮᠰᠢᠭᠦᠯᠪᠡ᠃
     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠬᠡᠷᠡᠭᠯᠡᠭᠴᠢᠳ ᠤᠨ ᠭᠠᠯ ᠤᠨᠲᠠᠷᠠᠭᠠᠬᠤ ᠦᠢᠯᠡᠳᠬᠦᠨ ᠢ ᠢᠯᠭᠠᠨ ᠲᠠᠨᠢᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠠᠷᠠᠳ ᠣᠯᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠷᠠᠭᠤᠯᠤᠨ᠂ ᠭᠠᠯ ᠤᠨᠲᠠᠷᠠᠭᠠᠬᠤ ᠤᠬᠠᠭᠤᠯᠭ᠎ᠠ ᠶᠢᠨ ᠨᠥᠯᠥᠭᠡᠯᠡᠬᠦ ᠬᠡᠪᠴᠢᠶ᠎ᠡ ᠶᠢ ᠥᠷᠭᠡᠳᠬᠡᠵᠦ᠂ ᠭᠠᠯ ᠤᠨᠲᠠᠷᠠᠭᠠᠬᠤ ᠦᠢᠯᠡᠳᠬᠦᠨ ᠤ ᠵᠠᠬ᠎ᠠ ᠳᠡᠯᠭᠡᠭᠦᠷ ᠢ ᠪᠦᠲᠦᠮᠵᠢᠲᠡᠶ ᠴᠡᠪᠡᠷᠰᠢᠭᠦᠯᠵᠦ᠂ ᠬᠠᠷᠢᠶᠠᠲᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠲᠣᠭᠲᠠᠭᠤᠨ ᠪᠠᠶᠢᠬᠤ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠦᠷᠭᠦᠯᠵᠢᠯᠡᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ᠂ ᠭᠠᠯ ᠤᠨᠲᠠᠷᠠᠭᠠᠬᠤ ᠦᠢᠯᠡᠳᠬᠦᠨ ᠢ ᠬᠢᠨᠠᠨ ᠬᠠᠮᠢᠶᠠᠷᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠡᠯ᠎ᠡ ᠵᠦᠢᠯ ᠤᠨ ᠬᠤᠳᠠᠯ ᠬᠠᠭᠤᠷᠮᠠᠭ ᠴᠢᠨᠠᠷ ᠮᠠᠭᠤ ᠭᠠᠯ ᠤᠨᠲᠠᠷᠠᠭᠠᠬᠤ ᠦᠢᠯᠡᠳᠬᠦᠨ ᠢ ᠦᠢᠯᠡᠳᠬᠦ᠂ ᠪᠣᠷᠣᠯᠠᠭᠤᠯᠬᠤ᠂ ᠭᠦᠢᠯᠭᠡᠭᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠠᠯ ᠤᠨᠲᠠᠷᠠᠭᠠᠬᠤ ᠦᠢᠯᠡᠳᠬᠦᠨ ᠤ ᠵᠠᠬ᠎ᠠ ᠳᠡᠯᠭᠡᠭᠦᠷ ᠢ ᠪᠦᠬᠦ ᠲᠠᠯ᠎ᠠ ᠪᠠᠷ ᠴᠡᠪᠡᠷᠰᠢᠭᠦᠯᠵᠦ᠂ ᠭᠠᠯ ᠤᠨᠲᠠᠷᠠᠭᠠᠬᠤ ᠦᠢᠯᠡᠳᠬᠦᠨ ᠤ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠨᠡᠶᠢᠭᠡᠮ ᠤᠨ ᠭᠠᠯ ᠤᠨᠲᠠᠷᠠᠭᠠᠬᠤ ᠣᠷᠴᠢᠨ ᠨᠦᠬᠦᠴᠡᠯ ᠢ ᠰᠠᠶᠢᠵᠢᠷᠠᠭᠤᠯᠬᠤ ᠶᠢ ᠠᠬᠢᠭᠤᠯᠤᠨ᠎ᠠ᠃
          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号