ᠶᠡᠭᠡ ᠵᠣᠣ ᠨᠡᠶᠢᠭᠡᠮ ᠲᠣᠭᠤᠷᠢᠭ ᠬᠠᠪᠤᠷ ᠤᠨ ᠬᠤᠭᠤᠰ ᠤᠨ ᠴᠠᠭ ᠤᠯᠠᠷᠢᠯ ᠤᠨ ᠰᠢᠯᠦᠭ ᠳᠠᠭᠤᠯᠠᠯ ᠢ ᠰᠤᠨᠢᠷᠬᠠᠨ ᠰᠢᠭᠦᠮᠵᠢᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/19
     ᠤᠶᠢᠷ᠎ᠠ ᠳᠤ᠂ ᠶᠡᠭᠡ ᠵᠤᠤ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠢᠦᠢ ᠴᠢᠤᠸᠠᠨ ᠲᠣᠭᠤᠷᠢᠭ ᠤᠨ ᠯᠢᠩ ᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ᠂ ᠢᠦᠢ ᠴᠢᠤᠸᠠᠨ ᠲᠣᠭᠤᠷᠢᠭ ᠤᠨ ᠲᠧᠦ ᠳ᠋ᠤᠤ ᠭᠤᠲᠤᠮᠵᠢ ᠪᠠᠭ᠎ᠠ ᠰᠤᠷᠭᠠᠭᠤᠯᠢ ᠲᠠᠢ ᠬᠠᠮᠲᠤᠷᠠᠨ ᠬᠠᠪᠤᠷ ᠤᠨ ᠬᠤᠭᠤᠰ ᠤᠨ ᠴᠠᠭ ᠤᠯᠠᠷᠢᠯ ᠤᠨ ᠰᠢᠯᠦᠭ ᠳᠠᠭᠤᠯᠠᠯ ᠢ ᠰᠤᠨᠢᠷᠬᠠᠨ ᠰᠢᠭᠦᠮᠵᠢᠯᠡᠬᠦ ᠠᠵᠢᠯᠯᠠᠭ᠎ᠠ ᠶᠢ ᠬᠠᠮᠲᠤᠪᠠᠷ ᠥᠷᠨᠢᠭᠦᠯᠪᠡ᠃ ᠠᠵᠢᠯᠯᠠᠭ᠎ᠠ ᠶᠢᠨ ᠵᠣᠷᠢᠯᠭ᠎ᠠ ᠨᠢ ᠬᠠᠪᠤᠷ ᠤᠨ ᠬᠤᠭᠤᠰ ᠤᠨ ᠴᠠᠭ ᠤᠯᠠᠷᠢᠯ ᠢᠶᠠᠷ ᠭᠠᠷᠳᠠᠬᠤ ᠴᠡᠭ ᠪᠣᠯᠭᠠᠵᠤ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠪᠠ ᠤᠯᠠᠮᠵᠢᠯᠠᠯᠲᠤ ᠰᠣᠶᠣᠯ ᠢ ᠰᠤᠨᠢᠷᠬᠠᠨ ᠰᠢᠭᠦᠮᠵᠢᠯᠡᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠰᠤᠨ ᠳᠤ ᠥᠯᠥ ᠭᠦᠷᠦᠭᠰᠡᠳ ᠤᠨ ᠪᠠᠶᠢᠭᠠᠯᠢ ᠶᠢ ᠲᠠᠨᠢᠬᠤ᠂ ᠤᠯᠠᠮᠵᠢᠯᠠᠯ ᠢ ᠣᠶᠢᠯᠠᠭᠠᠬᠤ ᠴᠤᠩᠬᠤᠪᠴᠢ ᠶᠢ ᠨᠡᠭᠡᠭᠡᠵᠦ᠂ ᠲᠡᠳᠡᠨ ᠤ ᠬᠢᠴᠢᠶᠡᠯ ᠤᠨ ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠤᠨ᠂ ᠲᠡᠳᠡᠨ ᠤ ᠪᠥᠬᠦ ᠲᠠᠯ᠎ᠠ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠃
     ᠠᠵᠢᠯᠯᠠᠭ᠎ᠠ ᠶᠢᠨ ᠬᠤᠭᠤᠴᠠᠭᠠᠨ ᠳᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠤᠯᠠᠨ ᠵᠠᠭᠤᠴᠢᠯᠠᠭᠤᠷ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠵᠢᠷᠤᠭ ᠦᠰᠦᠭ ᠬᠤᠣᠰᠯᠠᠭᠰᠠᠨ᠂ ᠠᠮᠢᠳᠤᠯᠢᠭ ᠪᠥᠭᠡᠳ ᠰᠣᠨᠢᠷᠬᠠᠯᠲᠠᠢ ᠠᠷᠭ᠎ᠠ ᠬᠡᠯᠪᠡᠷᠢ ᠪᠠᠷ ᠬᠡᠦᠬᠡᠳ ᠤᠳ ᠲᠤ ᠬᠠᠪᠤᠷ ᠤᠨ ᠬᠤᠭᠤᠰ ᠤᠨ ᠴᠠᠭ ᠤᠯᠠᠷᠢᠯ ᠤᠨ ᠣᠳᠣᠨ ᠣᠷᠣᠨ ᠤ ᠮᠡᠳᠡᠯᠭᠡ᠂ ᠠᠭᠤᠷ ᠠᠮᠢᠰᠬᠤᠯ ᠤᠨ ᠬᠤᠪᠢᠷᠠᠯᠲᠠ ᠵᠢᠴᠢ ᠪᠣᠳᠠᠰ ᠤᠨ ᠠᠭᠤᠷ ᠠᠮᠢᠰᠬᠤᠯ ᠤᠨ ᠣᠨᠴᠠᠯᠢᠭ ᠢ ᠨᠠᠷᠢᠨ ᠲᠠᠨᠢᠯᠴᠠᠭᠤᠯᠵᠤ᠂ ᠬᠡᠦᠬᠡᠳ ᠤᠳ ᠢ ᠬᠥᠲᠥᠯᠥᠨ ᠵᠢᠯᠣᠭᠤᠳᠴᠤ ᠪᠠᠶᠢᠭᠠᠳ ᠪᠠᠶᠢᠭᠠᠯᠢ ᠶᠢᠨ ᠵᠢᠮ᠎ᠡ ᠶᠣᠰᠣ ᠶᠢ ᠬᠠᠶᠢᠨ ᠰᠦᠪᠡᠭᠴᠢᠯᠡᠵᠦ᠂ ᠰᠢᠨᠵᠢᠯᠡᠬᠦ ᠤᠬᠠᠭᠠᠨᠴᠢ ᠭᠠᠶᠢᠬᠠᠮᠰᠢᠭ ᠢ ᠮᠡᠳᠡᠷᠡᠭᠦᠯᠪᠡ᠃ ᠰᠢᠯᠦᠭ ᠳᠠᠭᠤᠯᠠᠯ ᠤᠨ ᠵᠠᠳᠠᠯᠤᠯᠲᠠ ᠬᠢᠬᠦ ᠭᠤᠭᠴᠤᠭ᠎ᠠ ᠳᠤ᠂ ᠯᠧᠺᠲ᠋ᠣᠷ ᠠᠴᠠ ᠰᠣᠩᠭᠤᠳᠠᠭ ᠬᠠᠪᠤᠷ ᠤᠨ ᠬᠤᠭᠤᠰ ᠤᠨ ᠰᠢᠯᠦᠭ ᠳᠠᠭᠤᠯᠠᠯ ᠢ ᠰᠣᠩᠭᠤᠵᠤ᠂ ᠬᠡᠤᠬᠡᠳ ᠤᠳ ᠢ ᠳᠠᠭᠠᠭᠤᠯᠤᠨ ᠦᠭᠡ ᠥᠭᠦᠯᠡᠪᠦᠷᠢ ᠳᠠᠷᠠᠭᠠᠯᠠᠨ ᠦᠨᠦᠷ ᠠᠮᠲᠠ ᠶᠢ ᠨᠢ ᠣᠶᠢᠯᠠᠭᠠᠵᠤ᠂ ᠡᠷᠲᠡᠨ ᠤ ᠬᠥᠮᠦᠰ ᠤᠨ ᠴᠠᠭ ᠤᠯᠠᠷᠢᠯ ᠤᠨ ᠲᠤᠬᠠᠶ ᠨᠠᠷᠢᠨ ᠲᠣᠳᠣᠷᠬᠠᠶ ᠲᠥᠷᠥᠭᠳᠡᠯ ᠪᠠ ᠬᠠᠶᠢᠷ᠎ᠠ ᠰᠡᠳᠬᠢᠯᠭᠡ ᠶᠢᠨ ᠤᠶᠠᠩᠭ᠎ᠠ ᠶᠢ ᠣᠶᠢᠯᠠᠭᠠᠵᠤ᠂ ᠬᠡᠤᠬᠡᠳ ᠤᠨ ᠤᠳᠬ᠎ᠠ ᠵᠣᠬᠢᠶᠠᠯ ᠤᠨ ᠰᠢᠯᠭᠠᠨ ᠦᠵᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠲᠡᠳᠡᠨ ᠤ ᠤᠯᠠᠮᠵᠢᠯᠠᠯᠲᠤ ᠰᠣᠶᠣᠯ ᠤᠨ ᠲᠤᠬᠠᠶ ᠣᠶᠢᠯᠠᠭᠠᠯᠲᠠ ᠶᠢ ᠨᠡᠮᠡᠭᠳᠡᠭᠦᠯᠪᠡ᠃ ᠬᠠᠮᠤᠭ ᠰᠡᠭᠦᠯᠴᠢ ᠶᠢᠨ ᠬᠠᠪᠤᠷ ᠤᠨ ᠬᠤᠭᠤᠰ ᠤᠨ ᠨᠣᠮ ᠤᠨ ᠱᠣᠰᠢᠭ᠎ᠠ ᠶᠢ ᠦᠢᠯᠡᠳᠬᠦ ᠶᠠᠪᠤᠴᠠ ᠳᠤ᠂ ᠬᠡᠦᠬᠡᠳ ᠤᠳ ᠥᠪᠡᠷ ᠤᠨ ᠰᠡᠳᠬᠢᠨ ᠪᠤᠳᠤᠬᠤ ᠴᠢᠳᠠᠪᠤᠷᠢ ᠪᠣᠯᠤᠨ ᠪᠦᠲᠦᠭᠡᠯᠴᠢ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠰᠣᠷᠣᠭᠰᠠᠨ ᠬᠠᠪᠤᠷ ᠤᠨ ᠬᠤᠭᠤᠰ ᠤᠨ ᠮᠡᠳᠡᠯᠭᠡ ᠪᠠᠨ ᠭᠠᠷ ᠦᠢᠯᠡᠳᠭᠡᠯ ᠤᠨ ᠪᠦᠲᠦᠭᠡᠯ ᠳᠤ ᠪᠠᠨ ᠠᠭᠤᠰᠬᠠᠵᠤ᠂ ᠭᠠᠷ ᠬᠥᠳᠡᠯᠬᠦ ᠴᠢᠳᠠᠪᠤᠷᠢ ᠪᠠᠨ ᠪᠣᠯᠪᠠᠰᠤᠷᠠᠭᠤᠯᠬᠤ ᠪᠠᠷ ᠪᠠᠷᠠᠬᠤ ᠦᠭᠡᠢ ᠪᠠᠰᠠ ᠮᠡᠳᠡᠯᠭᠡ ᠪᠠᠨ ᠤᠷᠠᠯᠢᠭ ᠤᠨ ᠬᠡᠯᠪᠡᠷᠢ ᠪᠠᠷ ᠦᠯᠡᠳᠡᠭᠡᠨ ᠬᠠᠳᠠᠭᠠᠯᠠᠬᠤ ᠪᠣᠯᠤᠨ᠎ᠠ᠃
     ᠲᠣᠰ ᠤᠳᠠᠭᠠᠨ ᠤ ᠠᠵᠢᠯᠯᠠᠭ᠎ᠠ ᠨᠢ ᠨᠠᠰᠤᠨ ᠳᠤ ᠥᠯᠥ ᠭᠦᠷᠦᠭᠰᠡᠳ ᠤᠨ ᠦᠰᠦᠨ ᠪᠤᠶᠢᠵᠢᠯᠲᠠ ᠳᠤ ᠢᠳᠡᠪᠬᠢᠲᠡᠶ ᠦᠢᠯᠡᠳᠦᠯ ᠲᠠᠢ ᠶᠤᠮ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠲᠠᠯ᠎ᠠ ᠪᠠᠷ᠂ ᠬᠡᠦᠬᠡᠳ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠤᠬᠠᠢ ᠬᠠᠶᠢᠨ ᠰᠦᠪᠡᠭᠴᠢᠯᠡᠬᠦ ᠳᠤᠷ᠎ᠠ ᠰᠣᠨᠢᠷᠬᠠᠯ ᠢ ᠬᠥᠭᠵᠢᠭᠡᠵᠦ᠂ ᠲᠡᠳᠡᠨ ᠤ ᠠᠵᠢᠭᠯᠠᠨ ᠪᠣᠳᠣᠯᠬᠢᠯᠠᠬᠤ ᠳᠠᠳᠬᠠᠯ ᠢ ᠬᠥᠮᠦᠵᠢᠭᠦᠯᠪᠡ︔ ᠰᠣᠶᠣᠯ ᠰᠤᠷᠭᠠᠨ ᠬᠥᠮᠦᠵᠢᠯ ᠤᠨ ᠲᠠᠯ᠎ᠠ ᠪᠠᠷ᠂ ᠬᠡᠦᠬᠡᠳ ᠤᠨ ᠤᠯᠠᠮᠵᠢᠯᠠᠯᠲᠤ ᠰᠣᠶᠣᠯ ᠢ ᠮᠡᠳᠡᠷᠡᠬᠦ ᠰᠡᠳᠬᠢᠯᠭᠡ ᠶᠢ ᠨᠡᠮᠡᠭᠳᠡᠭᠦᠯᠵᠦ᠂ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠪᠡ᠃ ᠡᠭᠦᠨ ᠤ ᠬᠠᠮᠲᠤ᠂ ᠠᠵᠢᠯᠯᠠᠭ᠎ᠠ ᠨᠢ ᠨᠡᠶᠢᠭᠡᠮ ᠲᠣᠭᠤᠷᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠬᠢᠭᠡᠳ ᠨᠠᠰᠤᠨ ᠳᠤ ᠥᠯᠥ ᠭᠦᠷᠦᠭᠰᠡᠳ ᠤᠨ ᠬᠤᠭᠤᠷᠣᠨᠳᠣᠬᠢ ᠬᠠᠷᠢᠯᠴᠠᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠬᠤᠶᠢᠰᠢᠳᠠ ᠶᠢᠨ ᠨᠠᠩ ᠣᠯᠠᠨ ᠠᠰᠢᠭᠲᠠᠶ ᠰᠤᠷᠭᠠᠨ ᠬᠥᠮᠦᠵᠢᠯ ᠤᠨ ᠠᠵᠢᠯᠯᠠᠭ᠎ᠠ ᠥᠷᠨᠢᠭᠦᠯᠬᠦ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠴᠡᠶ᠃ ᠢᠷᠡᠭᠡᠳᠦᠶ ᠳᠤ ᠨᠠᠰᠤᠨ ᠳᠤ ᠥᠯᠥ ᠭᠦᠷᠦᠭᠰᠡᠳ ᠤᠨ ᠬᠡᠷᠡᠭᠴᠡᠭᠡ ᠱᠠᠭᠠᠷᠳᠠᠯᠭ᠎ᠠ ᠶᠢ ᠦᠷᠭᠦᠯᠵᠢᠯᠡᠨ ᠠᠩᠬᠠᠷᠴᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠠᠩ ᠣᠯᠠᠨ ᠴᠢᠨᠠᠷ ᠰᠠᠶᠢᠲᠠᠶ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠣᠶᠣᠯ ᠤᠨ ᠠᠵᠢᠯᠯᠠᠭ᠎ᠠ ᠶᠢ ᠤᠬᠠᠭᠠᠯᠠᠨ ᠰᠡᠳᠦᠬᠦ ᠶᠢᠨ ᠬᠠᠮᠲᠤ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠬᠤ ᠪᠣᠯᠤᠨ᠎ᠠ᠃
           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号