ᠯᠧᠢ ᠹᠧᠩ ᠤᠨ ᠵᠣᠷᠢᠭ ᠰᠠᠨᠠᠭ᠎ᠠ ᠶᠢ ᠰᠤᠷᠤᠯᠴᠠᠨ ᠪᠠᠳᠠᠷᠠᠭᠤᠯᠵᠤ᠂ ᠪᠠᠭᠠᠴᠤᠳ ᠤᠨ ᠬᠤᠰᠢᠭᠤᠴᠢ | ᠠᠩᠭᠢ ᠶᠢᠨ ᠭᠡᠰᠢᠭᠦᠳ ᠢ ᠵᠢᠯᠣᠭᠤᠳᠤᠨ ᠵᠥᠪ ᠣᠨᠣᠪᠴᠢᠲᠠᠢ ᠥᠷᠲᠡᠭ ᠤᠨ ᠦᠵᠡᠯᠲᠡ ᠶᠢ ᠪᠣᠢ ᠪᠣᠯᠭᠠᠵᠤ᠂ | ᠲᠡᠭᠦᠨ ᠤ ᠰᠠᠶᠢᠨ ᠰᠠᠶᠢᠬᠠᠨ ᠶᠣᠰᠣ ᠮᠣᠷᠠᠯ ᠵᠠᠩ ᠴᠢᠨᠠᠷ ᠤᠨ ᠪᠦᠷᠢᠯᠳᠦᠬᠦ ᠶᠢ ᠠᠬᠢᠭᠤᠯᠬᠤ ᠶᠢᠨ ᠲᠥᠯᠥᠭᠡ᠂ | ᠤᠶᠢᠷ᠎ᠠ ᠶᠢᠨ ᠡᠳᠦᠷ᠂ ᠢᠦᠢ ᠴᠢᠤᠸᠠᠨ ᠲᠣᠭᠤᠷᠢᠭ ᠤᠨ ᠡᠪᠯᠡᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ | ᠪᠠᠭᠠᠴᠤᠳ ᠤᠨ ᠠᠵᠢᠯ ᠤᠨ ᠬᠤᠷᠢᠶ᠎ᠠ ᠠᠴᠠ ᠬᠠᠮᠲᠤᠷᠠᠨ ᠡᠷᠬᠢᠯᠡᠵᠦ᠂ ᠯᠢᠶᠠᠩ ᠱᠠᠨ ᠵᠡᠭᠡᠯᠢ ᠶᠢᠨ ᠪᠠᠭ᠎ᠠ ᠰᠤᠷᠭᠠᠭᠤᠯᠢ | ᠳᠠᠭᠠᠭᠠᠨ ᠡᠷᠬᠢᠯᠡᠭᠰᠡᠨ ᠢᠦᠢ ᠴᠢᠤᠸᠠᠨ ᠲᠣᠭᠤᠷᠢᠭ ᠤᠨ ᠯᠧᠢ ᠹᠧᠩ ᠠᠴᠠ ᠰᠤᠷᠤᠯᠴᠠᠬᠤ ᠭᠤᠣᠯ ᠰᠡᠳᠦᠪᠲᠦ | ᠠᠩᠭᠢ ᠶᠢᠨ ᠡᠳᠦᠷ ᠤᠨ ᠠᠵᠢᠯᠯᠠᠭ᠎ᠠ ᠠᠮᠵᠢᠯᠲᠠ ᠲᠠᠢ ᠶᠠᠪᠤᠭᠳᠠᠪᠠ᠃ | | | | | ᠠᠵᠢᠯᠯᠠᠭ᠎ᠠ ᠨᠢ ᠣᠷᠭᠢᠯᠤᠮ᠎ᠠ ᠬᠠᠯᠠᠭᠤᠨ ᠲᠤᠭ ᠭᠠᠷᠭᠠᠬᠤ ᠠᠶᠠᠰ ᠳᠤᠮᠳᠠ ᠬᠥᠰᠢᠭᠡ ᠪᠠᠨ ᠰᠡᠬᠦᠪᠡ᠃ | ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ︽ᠳᠤᠮᠳᠠᠳᠤ ᠤᠯᠤᠰ ᠤᠨ ᠪᠠᠭᠠᠴᠤᠳ ᠤᠨ | ᠬᠤᠰᠢᠭᠤᠴᠢ ᠠᠩᠭᠢ ᠶᠢᠨ ᠳᠠᠭᠤᠤ︾ ᠶᠢ ᠳᠠᠭᠤᠯᠠᠵᠤ᠂ ᠢᠳᠡ ᠬᠦᠴᠦᠲᠡᠢ ᠪᠣᠯᠪᠠ᠃ ᠠᠩᠭᠢ ᠶᠢᠨ ᠭᠡᠰᠢᠭᠦᠳ ᠯᠧᠢ | ᠹᠧᠩ ᠤᠨ ᠨᠢᠭᠡ ᠨᠠᠰᠤᠨ ᠤ ᠳᠦᠷᠰᠦ ᠰᠢᠩᠭᠡᠭᠡᠯᠲᠡ ᠶᠢ ᠦᠵᠡᠵᠦ᠂ ᠯᠧᠢ ᠹᠧᠩ ᠤᠨ ᠦᠯᠢᠭᠡᠷ ᠢ ᠶᠠᠷᠢᠬᠤ ᠪᠠᠷ | ᠳᠠᠮᠵᠢᠭᠤᠯᠤᠨ ᠯᠧᠢ ᠹᠧᠩ ᠤᠨ ᠳᠦᠷᠢ ᠶᠢᠨ ᠲᠤᠬᠠᠶ ᠨᠡᠩ ᠠᠮᠢᠳᠤᠯᠢᠭ ᠲᠠᠨᠢᠯᠲᠠ ᠲᠠᠢ ᠪᠣᠯᠵᠠᠶ᠃ ᠪᠢᠯᠵᠤᠤᠬᠠᠢ ᠶᠢᠨ | ᠪᠠᠭ᠎ᠠ ᠠᠩᠭᠢ ᠶᠢᠨ ᠬᠢᠨ ᠯᠸᠢ ᠹᠧᠩ ᠤᠨ ᠦᠭᠡ ᠶᠢᠨ ᠲᠡᠭᠦᠪᠦᠷᠢ ᠪᠠ ᠥᠪᠡᠷ ᠤᠨ ᠣᠶᠢᠯᠠᠭᠠᠯᠲᠠ ᠪᠠᠨ ᠬᠤᠪᠢᠶᠠᠯᠴᠠᠪᠠ᠃ | ᠪᠥᠸᠧ ᠶᠠ ᠪᠠᠭ᠎ᠠ ᠠᠩᠭᠢ ᠶᠢᠨ ᠬᠢᠨ ︽ᠯᠸᠢ ᠹᠧᠩ ᠤᠨ ᠵᠣᠷᠢᠭ ᠰᠠᠨᠠᠭ᠎ᠠ ᠮᠢᠨᠦ ᠰᠡᠳᠬᠢᠯ ᠢ ᠭᠡᠷᠡᠯᠲᠦᠭᠦᠯᠦᠨ᠎ᠡ︾ | ᠭᠡᠬᠦ ᠤᠷᠠᠨ ᠤᠩᠰᠢᠯᠭ᠎ᠠ ᠶᠢ ᠬᠠᠩᠭᠢᠨᠠᠭᠤᠯᠵᠤ᠂ ᠯᠸᠢ ᠹᠧᠩ ᠤᠨ ᠦᠯᠢᠭᠡᠷ ᠢ ᠶᠠᠷᠢᠵᠤ᠂ ᠯᠸᠢ ᠹᠧᠩ ᠤᠨ ᠵᠣᠷᠢᠭ | ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠯᠸᠢ ᠹᠧᠩ ᠢ ᠭᠦᠨ᠎ᠡ ᠬᠦᠨᠳᠦᠳᠬᠡᠵᠦ ᠪᠠᠶᠢᠭ᠎ᠠ | ᠰᠡᠳᠬᠢᠯᠭᠡ ᠪᠠᠨ ᠢᠯᠡᠳᠬᠡᠵᠡᠶ᠃ | | | | | ᠠᠩᠭᠢ ᠶᠢᠨ ᠭᠡᠰᠢᠭᠦᠳ ᠬᠢᠴᠢᠶᠡᠯ ᠤᠨ ᠭᠠᠳᠠᠨᠠᠬᠢ ᠴᠠᠭ ᠲᠤ ᠣᠳᠣ ᠦᠶ᠎ᠡ ᠶᠢᠨ ︽ᠯᠧᠢ ᠹᠧᠩ︾᠂ ᠢᠦᠢ | ᠴᠢᠤᠸᠠᠨ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠨᠢᠭᠡᠳᠦᠭᠡᠷ ᠳᠤᠮᠳᠠ | ᠠᠩᠭᠢ ᠶᠢᠨ ᠲᠤᠰᠠᠯᠠᠬᠤ ᠴᠠᠭᠳᠠᠭ᠎ᠠ ᠮᠢᠶᠣᠤ ᠰᠧᠨ ᠢ ᠰᠤᠷᠪᠤᠯᠵᠢᠯᠠᠪᠠ᠃ ᠮᠢᠶᠣᠣ ᠰᠧᠨ ᠪᠣᠯ ᠢᠦᠢ ᠴᠢᠤᠸᠠᠨ | ᠲᠣᠭᠤᠷᠢᠭ ᠤᠨ ᠯᠢᠶᠠᠩ ᠱᠠᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠰᠤᠷᠤᠯᠭ᠎ᠠ ᠬᠠᠮᠠᠭᠠᠯᠠᠬᠤ ᠵᠠᠮ ᠬᠠᠷᠢᠯᠴᠠᠭᠠᠨ ᠤ | ᠴᠠᠭᠳᠠᠭ᠎ᠠ ᠪᠠᠶᠢᠵᠤ᠂ ᠡᠷᠲᠡ ᠣᠷᠣᠢ ᠦᠭᠡᠢ ᠲᠡᠭᠦᠨ ᠤ ᠰᠤᠷᠭᠠᠭᠤᠯᠢ ᠶᠢᠨ ᠡᠭᠦᠳᠡᠨ ᠳᠤ ᠵᠢᠵᠢᠭᠦᠷᠯᠡᠵᠦ ᠪᠠᠶᠢᠭ᠎ᠠ | ᠪᠠᠶᠢᠳᠠᠯ ᠢ ᠣᠯᠵᠤ ᠬᠠᠷᠠᠨ᠎ᠠ᠃ ᠡᠭᠦᠷᠭᠡ ᠪᠠᠨ ᠪᠠᠲᠤ ᠰᠠᠬᠢᠵᠤ᠂ ᠡᠪᠡᠳᠴᠢᠨ ᠲᠠᠢ ᠨᠠᠰᠤᠲᠠᠨ ᠢ ᠬᠠᠪᠰᠤᠷᠴᠤ | ᠭᠡᠷ ᠲᠡᠭᠡᠨ ᠬᠠᠷᠢᠵᠤ᠂ ᠬᠡᠷᠡᠭ ᠭᠠᠷᠭᠠᠭᠠᠳ ᠳᠤᠲᠠᠭᠠᠭᠰᠠᠨ ᠲᠡᠷᠭᠡ ᠶᠢ ᠪᠠᠷᠢᠪᠴᠢᠯᠠᠵᠤ ᠁᠂ ᠠᠩᠭᠢ ᠶᠢᠨ | ᠭᠡᠰᠢᠭᠦᠳ ᠮᠢᠶᠣᠤ ᠰᠧᠨ ᠤ ᠪᠡᠶ᠎ᠡ ᠳᠡᠭᠡᠷ᠎ᠡ ᠭᠠᠷᠤᠭᠰᠠᠨ ᠡᠳᠡᠭᠡᠷ ᠦᠯᠢᠭᠡᠷ ᠢ ᠣᠯᠠᠨ ᠳᠤ ᠶᠠᠷᠢᠵᠤ ᠥᠭᠭᠦᠯ᠎ᠡ᠃ | | | | | ᠨᠠᠶᠢᠷᠠᠯ ᠳᠠᠭᠤᠤ ︽ᠯᠸᠢ ᠹᠧᠩ ᠤᠨ ᠰᠠᠶᠢᠨ ᠳᠠᠭᠤᠷᠢᠶᠠᠯ ᠠᠴᠠ ᠰᠤᠷᠤᠯᠴᠠᠶ᠎ᠠ︾ ᠭᠡᠬᠦ ᠠᠵᠢᠯᠯᠠᠭ᠎ᠠ ᠶᠢ | ᠣᠷᠭᠢᠯ ᠳᠤ ᠬᠦᠷᠭᠡᠵᠦ᠂ ᠲᠡᠳᠡᠨ ᠤ ᠴᠤᠭ ᠵᠢᠪᠬᠤᠭ᠎ᠠ ᠶᠢ ᠬᠠᠷᠠᠭᠤᠯᠤᠭᠰᠠᠨ ᠪᠥᠭᠡᠳ ᠪᠠᠰᠠ ᠲᠡᠳᠡᠨ ᠤ ᠯᠸᠢ | ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ | ᠴᠢᠷᠮᠠᠶᠢᠬᠤ ᠬᠦᠰᠡᠯᠡᠩ ᠢᠲᠡᠭᠡᠯ ᠪᠢᠰᠢᠷᠡᠯ ᠢ ᠳᠠᠮᠵᠢᠭᠤᠯᠵᠠᠶ᠃ | | | | | ᠲᠣᠰ ᠤᠳᠠᠭᠠᠨ ᠤ ᠭᠤᠤᠯ ᠰᠡᠳᠦᠪᠲᠦ ᠠᠩᠭᠢ ᠶᠢᠨ ᠬᠤᠷᠠᠯ ᠤᠨ ᠠᠵᠢᠯᠯᠠᠭ᠎ᠠ ᠨᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ | ᠭᠡᠰᠢᠭᠦᠳ ᠲᠤ ᠯᠸᠢ ᠹᠧᠩ ᠤᠨ ᠵᠣᠷᠢᠭ ᠰᠠᠨᠠᠭᠠᠨ ᠤ ᠦᠨᠡᠨ ᠶᠣᠰᠣ ᠶᠢ ᠨᠠᠩ ᠭᠦᠨᠵᠡᠭᠡᠶ ᠣᠶᠢᠯᠠᠭᠠᠭᠤᠯᠤᠭᠰᠠᠨ | ᠪᠥᠭᠡᠳ ᠪᠠᠰᠠ ᠲᠡᠳᠡᠨ ᠤ ᠬᠤᠶᠢᠰᠢᠳᠠ ᠶᠢᠨ ᠰᠤᠷᠤᠯᠭ᠎ᠠ ᠠᠮᠢᠳᠤᠷᠠᠯ ᠳᠤᠮᠳᠠ᠂ ᠪᠠᠭ᠎ᠠ ᠶᠠᠪᠤᠳᠠᠯ ᠠᠴᠠ ᠡᠬᠢᠯᠡᠨ ᠬᠢᠵᠦ᠂ | ᠯᠸᠢ ᠹᠧᠩ ᠤᠨ ᠵᠣᠷᠢᠭ ᠰᠠᠨᠠᠭ᠎ᠠ ᠶᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠥᠪᠡᠷ ᠤᠨ ᠬᠦᠴᠦᠨ | ᠴᠢᠳᠠᠯ ᠢᠶᠠᠷ ᠢᠶᠠᠨ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠯᠸᠢ ᠹᠧᠩ ᠤᠨ ᠵᠣᠷᠢᠭ ᠰᠠᠨᠠᠭ᠎ᠠ ᠶᠢ ᠰᠢᠨ᠎ᠡ ᠴᠠᠭ | ᠦᠶ᠎ᠡ ᠳᠤ ᠰᠢᠨ᠎ᠡ ᠬᠡᠷᠡᠯ ᠭᠢᠯᠪᠠᠭ᠎ᠠ ᠪᠠᠨ ᠰᠠᠴᠤᠷᠠᠭᠤᠯᠬᠤ ᠶᠢ ᠵᠣᠷᠢᠭᠵᠢᠭᠤᠯᠪᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |