ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠶᠡᠭᠡ ᠵᠣᠣ ᠨᠡᠶᠢᠭᠡᠮ ᠲᠣᠭᠤᠷᠢᠭ ᠤᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠢᠦᠶ ᠴᠢᠤᠸᠠᠨ ᠲᠣᠭᠤᠷᠢᠭ ᠤᠨ ᠯᠢᠩ ᠢ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠲᠠᠢ ᠬᠠᠮᠲᠤᠷᠠᠨ ︽ᠪᠦᠲᠦᠭᠡᠯᠴᠢ ᠲᠠᠪᠤᠨ ᠲᠠᠷᠢᠶᠠᠨ ᠤ | ᠵᠢᠷᠤᠭ ᠡᠬᠡ ᠤᠷᠤᠨᠴᠢ ᠰᠡᠳᠬᠢᠯᠭᠡ ᠪᠠᠨ ᠬᠠᠮᠲᠤ ᠪᠠᠷ ᠪᠢᠴᠢᠭᠯᠡᠬᠦ︾ ᠭᠠᠷ ᠤᠷᠠᠯᠠᠯ ᠤᠨ ᠠᠵᠢᠯᠯᠠᠭ᠎ᠠ ᠥᠷᠨᠢᠭᠦᠯᠵᠦ᠂ | ᠬᠠᠷᠢᠶᠠᠲᠤ ᠣᠷᠣᠨ ᠤ 50 ᠭᠠᠷᠤᠶ ᠰᠠᠭᠤᠭᠠᠯᠢ ᠠᠷᠠᠳ ᠵᠢᠴᠢ ᠨᠠᠰᠤᠨ ᠳᠤ ᠦᠯᠦ ᠬᠦᠷᠦᠭᠰᠡᠳ ᠢ ᠲᠡᠳᠡᠨ | ᠣᠷᠣᠯᠴᠠᠭᠤᠯᠪᠠ᠃ | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠨᠡᠶᠢᠭᠡᠮ ᠲᠣᠭᠤᠷᠢᠭ ᠤᠨ ᠠᠵᠢᠯᠲᠠᠳ ᠵᠢᠷᠤᠭ ᠪᠢᠴᠢᠭ ᠤᠨ | ᠲᠠᠶᠢᠯᠤᠮᠵᠢ᠂ ᠬᠠᠷᠢᠯᠴᠠᠨ ᠬᠥᠳᠡᠯᠦᠯᠴᠡᠬᠦ ᠠᠰᠠᠭᠤᠯᠲᠠ ᠬᠠᠷᠢᠭᠤᠯᠲᠠ ᠵᠡᠷᠭᠡ ᠬᠡᠯᠪᠡᠷᠢ ᠪᠠᠷ ᠨᠡᠶᠢᠭᠡᠮ ᠵᠢᠷᠤᠮ ᠤᠨ | ᠭᠤᠣᠯᠯᠠᠭᠴᠢ ᠦᠷᠳᠡᠭ ᠤᠨ ᠦᠵᠡᠯᠲᠡ ᠳᠠᠬᠢ ︽ᠡᠬᠡ ᠤᠷᠤᠨᠴᠢ︾ ᠵᠣᠷᠢᠭ ᠰᠠᠨᠠᠭᠠᠨ ᠤ ᠠᠭᠤᠯᠤᠭᠳᠠᠬᠤᠨ ᠢ | ᠠᠮᠢᠳᠤᠯᠢᠭ ᠢᠶᠠᠷ ᠲᠠᠶᠢᠯᠪᠤᠷᠢᠯᠠᠪᠠ᠃ ᠭᠠᠷ ᠤᠷᠠᠯᠠᠯ ᠤᠨ ᠭᠤᠭᠴᠤᠭ᠎ᠠ ᠳᠤ᠂ ᠤᠷᠤᠯᠴᠠᠭᠰᠠᠳ ᠨᠠᠷᠢᠮᠤ᠂ ᠨᠤᠭᠤᠭᠠᠨ | ᠪᠤᠷᠴᠠᠭ᠂ ᠬᠠᠷ᠎ᠠ ᠪᠤᠳᠠᠭ᠎ᠠ ᠵᠡᠷᠭᠡ ᠠᠮᠤ ᠪᠤᠳᠠᠭ᠎ᠠ ᠪᠠᠷ ᠮᠠᠲ᠋ᠧᠷᠢᠶᠠᠯ ᠪᠤᠯᠭᠠᠵᠤ᠂ ᠳᠤᠮᠳᠠᠳᠤ ᠤᠯᠤᠰ ᠤᠨ ᠭᠠᠵᠠᠷ ᠤᠨ | ᠵᠢᠷᠤᠭ ᠢ ᠬᠠᠮᠵᠢᠯᠴᠠᠨ ᠨᠠᠭᠠᠪᠠ᠃ ᠬᠡᠦᠬᠡᠳ ᠤᠳ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠵᠢᠯᠣᠭᠤᠳᠣᠯᠭ᠎ᠠ | ᠳᠣᠤᠷ᠎ᠠ᠂ ᠠᠮᠤ ᠪᠤᠳᠠᠭᠠᠨ ᠤ ᠮᠥᠬᠦᠯᠢᠭ ᠢ ᠳᠠᠷᠠᠭᠠᠯᠠᠨ ᠨᠠᠭᠠᠵᠤ᠂ 2 ᠴᠠᠭ ᠵᠠᠷᠤᠴᠠᠭᠤᠯᠤᠨ 6 ᠭᠤᠤᠯ ᠰᠡᠳᠦᠪᠲᠦ | ᠪᠦᠲᠦᠭᠡᠯ ᠢ ᠪᠡᠶᠡᠯᠡᠭᠦᠯᠪᠡ᠃ ︽ᠬᠡᠦᠬᠡᠳ ᠦᠢᠯᠡᠳᠬᠦ ᠶᠢᠨ ᠳᠠᠭᠠᠤ ᠡᠯ᠎ᠡ ᠮᠤᠵᠢ ᠶᠢᠨ ᠪᠠᠶᠢᠷᠢᠰᠢᠯ ᠢ ᠠᠰᠠᠭᠤᠵᠤ ᠡᠨᠡ | ᠨᠢ ᠬᠢᠴᠢᠶᠡᠯ ᠤᠨ ᠳᠡᠪᠲᠡᠷ ᠠᠴᠠ ᠢᠯᠡᠭᠦᠦ ᠰᠢᠭᠤᠳ ᠦᠵᠡᠭᠦᠯᠵᠦ ᠪᠠᠶᠢᠳᠠᠭ︾ ᠭᠡᠵᠦ ᠰᠠᠭᠤᠭᠠᠯᠢ ᠠᠷᠠᠳ ᠸᠠᠩ | ᠠᠪᠠᠭ᠋ᠠᠢ ᠢᠯᠡᠳᠭᠡᠪᠡ᠃ | | | | | ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠲᠠᠨᠢᠯᠴᠠᠭᠤᠯᠬᠤ ᠳᠤ ᠪᠠᠨ᠂ ᠲᠣᠰ ᠤᠳᠠᠭᠠᠨ ᠤ ᠠᠵᠢᠯᠯᠠᠭ᠎ᠠ ᠨᠢ | ᠤᠯᠠᠮᠵᠢᠯᠠᠯᠲᠤ ᠰᠣᠶᠣᠯ ᠤᠨ ᠤᠷ᠎ᠠ ᠮᠡᠷᠭᠡᠵᠢᠯ ᠬᠢᠭᠡᠳ ᠡᠬᠡ ᠤᠷᠤᠨᠴᠢ ᠦᠵᠡᠯ ᠤᠨ ᠬᠥᠮᠦᠵᠢᠯ ᠢ ᠤᠶᠠᠯᠳᠤᠭᠤᠯᠵᠤ᠂ | ᠲᠠᠷᠠᠭᠠᠴᠢ ᠶᠢᠨ ᠲᠥᠯᠥᠪᠯᠡᠭᠡ ᠳᠤ ︽ᠬᠤᠪᠢᠰᠬᠠᠯᠲᠤ ᠭᠠᠷ ᠦᠢᠯᠡᠳᠭᠡᠯ︾ ᠤᠨ ᠰᠢᠷᠢᠰ ᠬᠢᠴᠢᠶᠡᠯ ᠢ ᠨᠡᠭᠡᠭᠡᠬᠦ ᠶᠢᠨ | ᠬᠠᠮᠲᠤ ᠬᠠᠷᠢᠶᠠᠲᠤ ᠣᠷᠣᠨ ᠤ ᠰᠤᠷᠭᠠᠭᠤᠯᠢ ᠲᠠᠢ ᠬᠠᠮᠲᠤᠷᠠᠨ ᠭᠤᠤᠯ ᠰᠡᠳᠦᠪᠲᠦ ᠬᠥᠮᠦᠵᠢᠯ ᠤᠨ ᠦᠢᠯᠡᠳᠦᠯᠭᠡ | ᠦᠷᠨᠢᠭᠦᠯᠦᠨ᠎ᠡ᠃ ᠣᠳᠣᠬᠠᠨ ᠳᠤ ᠪᠡᠶᠡᠯᠡᠭᠦᠯᠦᠭᠰᠡᠨ ᠲᠠᠪᠤᠨ ᠲᠠᠷᠢᠶᠠᠨ ᠤ ᠵᠢᠷᠤᠭ ᠤᠨ ᠪᠦᠲᠦᠭᠡᠯ ᠢ ᠨᠡᠶᠢᠭᠡᠮ | ᠲᠣᠭᠤᠷᠢᠭ ᠤᠨ ᠦᠵᠡᠭᠦᠯᠦᠯᠭᠡ ᠶᠢᠨ ᠲᠢᠩᠬᠢᠮ ᠳᠤ ᠬᠤᠶᠠᠷ ᠭᠠᠷᠠᠭ ᠳᠡᠯᠭᠡᠨ ᠦᠵᠡᠭᠦᠯᠵᠦ᠂ ᠰᠠᠭᠤᠭᠠᠯᠢ ᠠᠷᠠᠳ ᠲᠤ | ᠲᠣᠭᠤᠷᠢᠨ ᠦᠵᠡᠭᠦᠯᠬᠦ ᠪᠣᠯᠤᠨ᠎ᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |