ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠪᠠ | ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠶ ᠨᠤᠲᠤᠭ ᠪᠡᠯᠴᠢᠭᠡᠷ ᠤᠨ ᠡᠬᠢ | ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠣᠷᠭᠠᠭᠤᠯᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠣᠶ ᠰᠢᠭᠤᠶ ᠶᠢᠨ ᠭᠠᠯ ᠢ ᠰᠡᠷᠭᠡᠶᠢᠯᠡᠬᠦ ᠲᠦᠷᠢᠮ︾᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠢ | ᠰᠡᠷᠭᠡᠶᠢᠯᠡᠬᠦ ᠲᠦᠷᠢᠮ︾ ᠵᠡᠷᠭᠡ ᠲᠣᠭᠲᠠᠭᠠᠯ ᠢ ᠦᠨᠳᠦᠰᠦᠯᠡᠨ᠂ ᠮᠠᠨ ᠤ ᠲᠤᠭᠤᠷᠢᠭ ᠤᠨ ᠪᠣᠳᠠᠲᠠᠶ ᠲᠠᠢ ᠪᠠᠨ | ᠤᠶᠠᠯᠳᠤᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠢ ᠴᠠᠭᠠᠵᠠᠯᠠᠬᠤ ᠵᠠᠷᠯᠠᠯ ᠢ | ᠳᠣᠤᠷᠠᠬᠢ ᠮᠡᠲᠦ ᠨᠡᠶᠢᠲᠡᠯᠡᠪᠡ᠄ | ᠨᠢᠭᠡ᠂ ᠭᠠᠯ ᠢ ᠰᠡᠷᠭᠡᠶᠢᠯᠡᠬᠦ ᠭᠠᠯ ᠢ ᠴᠠᠭᠠᠵᠠᠯᠠᠬᠤ ᠬᠤᠭᠤᠴᠠᠭ᠎ᠠ | 2025 ᠣᠨ ᠤ 3 ᠳ᠋ᠤᠭᠠᠷ ᠰᠠᠷ᠎ᠠ ᠶᠢᠨ 15 ᠤ ᠡᠳᠦᠷ ᠠᠴᠠ 6 ᠳ᠋ᠤᠭᠠᠷ ᠰᠠᠷ᠎ᠠ ᠶᠢᠨ 15 ᠤ ᠡᠳᠦᠷ | ᠪᠣᠯᠲᠠᠯ᠎ᠠ᠂ 2025 ᠣᠨ ᠤ 9 ᠳ᠋ᠤᠭᠡᠷ ᠰᠠᠷ᠎ᠠ ᠶᠢᠨ 15 ᠤ ᠡᠳᠦᠷ ᠠᠴᠠ 2026 ᠣᠨ ᠤ 3 ᠳ᠋ᠤᠭᠠᠷ ᠰᠠᠷ᠎ᠠ ᠶᠢᠨ | 15 ᠤ ᠡᠳᠦᠷ ᠪᠣᠯᠲᠠᠯ᠎ᠠ᠃ | ᠬᠤᠶᠠᠷ᠂ ᠭᠠᠯ ᠢ ᠰᠡᠷᠭᠡᠶᠢᠯᠡᠬᠦ ᠭᠠᠯ ᠢ ᠴᠠᠭᠠᠵᠠᠯᠠᠬᠤ ᠣᠷᠣᠨ ᠪᠦᠰᠡ | ᠢᠦᠶ ᠴᠢᠤᠸᠠᠨ ᠲᠣᠭᠤᠷᠢᠭ ᠤᠨ ᠬᠡᠪᠴᠢᠶᠡᠨ ᠳᠣᠲᠣᠷᠠᠬᠢ ᠣᠶ ᠰᠢᠭᠤᠶ ᠵᠢᠴᠢ ᠣᠶᠢᠲᠤ ᠭᠠᠵᠠᠷ ︵ | ᠣᠶᠢᠵᠢᠭᠤᠯᠬᠤ ᠳᠤ ᠳᠣᠭᠢᠷᠠᠬᠤ ᠭᠠᠵᠠᠷ᠂ ᠰᠡᠶᠢᠷᠡᠭ ᠣᠶᠢᠲᠤ ᠭᠠᠵᠠᠷ ᠵᠡᠷᠭᠡ ᠪᠠᠭᠲᠠᠨ᠎ᠠ︶ ᠤᠨ ᠬᠥᠪᠡᠭᠡ ᠵᠠᠬ᠎ᠠ ᠶᠢᠨ | 500 ᠮᠧᠲᠷ ᠤᠨ ᠳᠣᠲᠣᠷ᠎ᠠ᠂ ᠲᠠᠷᠢᠶᠠᠨ ᠭᠠᠵᠠᠷ ᠤᠨ ᠣᠶ ᠶᠢᠨ ᠲᠣᠤᠷ᠂ ᠨᠡᠪᠲᠡᠷᠡᠬᠦ ᠵᠠᠮ ᠤᠨ | ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠬᠤᠶᠠᠷ ᠬᠠᠵᠠᠭᠤ ᠶᠢᠨ 200 ᠮᠧᠲᠷ ᠤᠨ ᠳᠣᠲᠣᠷᠠᠬᠢ ᠣᠷᠣᠨ ᠪᠦᠰᠡ᠂ | ᠭᠤᠤᠯᠳᠠᠯᠭ᠎ᠠ ᠲᠠᠢ ᠣᠷᠣᠨ ᠪᠦᠰᠡ᠄ ᠢᠦᠶ ᠴᠢᠤᠸᠠᠨ ᠲᠣᠭᠤᠷᠢᠭ ᠤᠨ ᠪᠠᠷᠠᠭᠤᠨ ᠴᠢᠬᠢ ᠮᠣᠳᠣᠨ ᠤ ᠬᠦᠷᠢᠶᠡᠯᠡᠩ᠂ | ᠡᠮᠦᠨ᠎ᠡ ᠬᠤᠶᠢᠨ᠎ᠠ ᠪᠠ ᠯᠢ ᠲᠣᠰᠬᠤᠨ ᠤ ᠣᠶ ᠶᠢᠨ ᠭᠠᠵᠠᠷ᠂ ᠳᠤᠯᠤᠭᠠᠨ ᠲᠦᠮᠡᠳ ᠲᠣᠰᠬᠤᠨ ᠤ ᠣᠶᠢᠲᠤ ᠭᠠᠵᠠᠷ᠂ | ᠨᠠᠨ ᠬᠤ᠋ ᠨᠤᠭᠤ ᠭᠠᠵᠠᠷ ᠤᠨ ᠴᠡᠴᠡᠷᠯᠢᠭ᠂ ᠮᠣᠩᠭᠤᠯ ᠤᠨ ᠵᠠᠩ ᠦᠢᠯᠡ ᠶᠢᠨ ᠬᠦᠷᠢᠶᠡᠯᠡᠩ᠂ ᠵᠣᠣ ᠵᠢᠶᠦ᠋ᠨ ᠮᠦᠽᠧᠶ | ᠵᠢᠴᠢ ᠡᠷᠬᠢᠨ ᠲᠣᠭᠤᠷᠢᠨ ᠤ ᠤᠶᠢᠲᠤ ᠣᠷᠣᠨ᠂ ᠮᠦᠮᠦ ᠶᠢᠨ ᠪᠠᠶᠢᠰᠢᠩ ᠲᠣᠰᠬᠤᠨ ᠤ ᠣᠶᠢᠲᠤ ᠭᠠᠵᠠᠷ᠂ ᠯᠢᠶᠠᠨ | ᠵᠢᠶᠠ ᠶᠢᠩ ᠲᠣᠰᠬᠤᠨ ᠤ ᠣᠶᠢᠲᠤ ᠭᠠᠵᠠᠷ᠂ ᠤᠯᠠᠭᠠᠨᠪᠠᠲᠤ ᠲᠣᠰᠬᠤᠨ ᠤ ᠣᠶᠢᠲᠤ ᠭᠠᠵᠠᠷ᠂ ᠬᠤᠲᠠ ᠶᠢ | ᠲᠣᠭᠤᠷᠢᠭᠰᠠᠨ ᠦᠨᠳᠦᠷ ᠬᠤᠷᠲᠤᠴᠠᠲᠤ ᠵᠠᠰᠠᠮᠠᠯ ᠵᠠᠮ ᠤᠨ ᠢᠦᠶ ᠴᠢᠤᠸᠠᠨ ᠬᠡᠰᠡᠭ ᠤᠨ ᠡᠮᠦᠨ᠎ᠡ ᠤᠮᠠᠷ᠎ᠠ ᠶᠢᠨ ᠬᠤᠶᠠᠷ | ᠬᠠᠵᠠᠭᠤ ᠶᠢᠨ ᠣᠶᠢᠲᠤ ᠭᠠᠵᠠᠷ ᠤᠨ ᠨᠣᠭᠤᠭᠠᠷᠠᠭᠤᠯᠤᠯᠲᠠ ᠶᠢᠨ ᠪᠦᠰᠡ᠂ ᠲᠡᠮᠦᠷ ᠵᠠᠮ ᠳᠠᠭᠠᠤ ᠶᠢᠨ ᠣᠶᠢᠲᠤ ᠭᠠᠵᠠᠷ | ᠪᠠᠭᠲᠠᠨ᠎ᠠ᠃ | ᠭᠤᠷᠪᠠ᠂ ᠭᠠᠯ ᠢ ᠰᠡᠷᠭᠡᠶᠢᠯᠡᠬᠦ ᠭᠠᠯ ᠢ ᠴᠠᠭᠠᠵᠠᠯᠠᠬᠤ ᠣᠷᠣᠨ ᠪᠦᠰᠡ ᠶᠢᠨ ᠲᠤᠭᠲᠠᠭᠠᠯ | ᠭᠠᠯ ᠢ ᠴᠠᠭᠠᠵᠠᠯᠠᠬᠤ ᠣᠷᠣᠨ ᠪᠦᠰᠡ ᠶᠢᠨ ᠳᠣᠲᠣᠷ᠎ᠠ ᠬᠡᠭᠡᠷ᠎ᠡ ᠭᠠᠳᠠᠨ᠎ᠠ ᠭᠠᠯ ᠢ ᠬᠡᠷᠡᠭᠯᠡᠬᠦ ᠶᠢ ᠴᠠᠭᠠᠵᠠᠯᠠᠵᠤ᠂ | ᠭᠠᠯ ᠢ ᠰᠡᠷᠭᠡᠶᠢᠯᠡᠬᠦ ᠭᠠᠯ ᠢ ᠴᠠᠭᠠᠵᠠᠯᠠᠬᠤ ᠣᠷᠣᠨ ᠳᠤ ᠣᠷᠣᠬᠤ ᠬᠥᠮᠦᠰ ᠡᠷᠬᠡᠪᠰᠢ ᠳᠣᠤᠷᠠᠬᠢ ᠲᠣᠭᠲᠠᠭᠠᠯ ᠢ ᠴᠢᠩᠭ᠎ᠠ | ᠵᠢᠷᠤᠮᠯᠠᠬᠤ ᠬᠡᠷᠡᠭᠲᠡᠶ᠄ | ︵ᠨᠢᠭᠡ︶ ᠪᠤᠯᠠᠰᠢ ᠱᠦᠭᠦᠷᠳᠡᠵᠦ ᠤᠩᠭᠤᠨ ᠲᠠᠬᠢᠬᠤ ᠳᠠᠭᠠᠨ ᠬᠦᠵᠢ ᠵᠤᠯᠠ ᠠᠰᠠᠭᠠᠬᠤ᠂ ᠴᠠᠭᠠᠰᠤᠨ | ᠵᠣᠭᠤᠰ ᠰᠢᠲᠠᠭᠠᠬᠤ᠂ ᠫᠤᠤᠵᠢᠩ ᠲᠠᠯᠪᠢᠬᠤ ᠶᠢ ᠴᠢᠩᠭ᠎ᠠ ᠴᠠᠭᠠᠵᠠᠯᠠᠵᠤ᠂ ᠰᠦᠯᠵᠢᠶᠡᠨ ᠳᠡᠭᠡᠷᠡᠬᠢ ᠲᠠᠬᠢᠯᠭ᠎ᠠ᠂ | ᠰᠣᠷᠭᠤᠭ ᠴᠡᠴᠡᠭ ᠤᠨ ᠲᠠᠬᠢᠯᠭ᠎ᠠ ᠵᠡᠷᠭᠡ ᠪᠣᠯᠪᠠᠰᠤᠨ ᠲᠠᠬᠢᠯᠭ᠎ᠠ ᠶᠢ ᠰᠠᠨᠠᠭᠠᠴᠢᠯᠠᠨ᠎ᠠ᠃ | ︵ᠬᠤᠶᠠᠷ︶ ᠲᠠᠷᠢᠶᠠᠨ ᠳᠠᠯᠠᠩ ᠤᠨ ᠡᠪᠡᠰᠦ ᠶᠢ ᠰᠢᠲᠠᠭᠠᠬᠤ᠂ ᠡᠷᠳᠡᠨᠢ ᠰᠢᠰᠢ ᠵᠡᠷᠭᠡ ᠲᠠᠷᠢᠮᠠᠯ ᠤᠨ ᠡᠰᠢ | ᠰᠦᠷᠡᠯ ᠢ ᠰᠢᠲᠠᠭᠠᠬᠤ᠂ ᠪᠣᠷᠳᠣᠭᠤᠷ ᠴᠤᠭᠯᠠᠭᠤᠯᠬᠤ ᠶᠢ ᠴᠠᠭᠠᠵᠠᠯᠠᠨ᠎ᠠ᠃ | ︵ᠭᠤᠷᠪᠠ︶ ᠲᠠᠮᠠᠬᠢᠨ ᠶᠣᠵᠣᠭᠤᠷ ᠬᠠᠶᠠᠬᠤ᠂ ᠢᠳᠡᠭᠡᠨ ᠰᠢᠷᠠᠬᠤ᠂ ᠬᠤᠭᠤᠯᠠ ᠬᠢᠬᠦ᠂ ᠭᠠᠯ ᠪᠠᠮᠪᠠᠷ ᠢᠶᠠᠷ | ᠭᠡᠷᠡᠯᠳᠦᠭᠦᠯᠬᠦ᠂ ᠭᠠᠯ ᠨᠣᠴᠣᠭᠠᠵᠤ ᠲᠤᠯᠠᠭᠠᠯᠠᠬᠤ᠂ ᠳᠡᠭᠳᠡᠭᠦᠷ ᠳ᠋ᠧᠩᠯᠦ ᠠᠰᠠᠭᠠᠬᠤ ᠶᠢ ᠴᠢᠩᠭ᠎ᠠ ᠴᠠᠭᠠᠵᠠᠯᠠᠨ᠎ᠠ᠃ | ︵ᠲᠦᠷᠪᠡ︶ ᠠᠲᠠᠷ ᠬᠠᠭᠠᠯᠪᠤᠷᠢᠯᠠᠬᠤ ᠵᠢᠴᠢ ᠲᠣᠭᠲᠠᠭᠠᠯ ᠠᠴᠠ ᠵᠥᠷᠢᠴᠡᠭᠰᠡᠨ ᠪᠤᠰᠤᠳ | ᠦᠢᠯᠡᠳᠪᠦᠷᠢᠯᠡᠯ ᠤᠨ ᠴᠢᠨᠠᠷᠲᠠᠶ ᠭᠠᠯ ᠢ ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ︵ᠲᠠᠪᠤ︶ ᠭᠠᠯ ᠤᠨ ᠴᠤᠭ ᠪᠠ ᠤᠢ ᠰᠢᠭᠤᠶ ᠶᠢᠨ ᠭᠠᠯ ᠤᠨ ᠭᠠᠮᠰᠢᠭ ᠢ ᠠᠮᠠᠷᠬᠠᠨ ᠡᠭᠦᠰᠭᠡᠳᠡᠭ ᠡᠳ᠋ | ᠪᠣᠳᠠᠰ ᠢ ᠤᠶᠢᠲᠤ ᠣᠷᠣᠨ ᠳᠤ ᠠᠪᠴᠤ ᠣᠷᠣᠬᠤ ᠶᠢ ᠴᠢᠩᠭ᠎ᠠ ᠴᠠᠭᠠᠵᠠᠯᠠᠨ᠎ᠠ᠃ | ︵ᠵᠢᠷᠭᠤᠭ᠎ᠠ︶ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠠᠮᠠᠷᠬᠠᠨ ᠡᠭᠦᠰᠭᠡᠵᠦ ᠮᠡᠳᠡᠬᠦ | ᠬᠡᠭᠡᠷ᠎ᠡ ᠭᠠᠳᠠᠨ᠎ᠠ ᠭᠠᠯ ᠢ ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ | ︵ᠳᠤᠯᠤᠭ᠎ᠠ︶ ᠭᠠᠯ ᠢ ᠰᠡᠷᠭᠡᠶᠢᠯᠡᠬᠦ ᠭᠠᠯ ᠢ ᠴᠠᠭᠠᠵᠠᠯᠠᠬᠤ ᠣᠷᠣᠨ ᠳᠤ ᠣᠷᠣᠬᠤ ᠬᠥᠮᠦᠰ ᠪᠣᠯᠤᠨ ᠲᠡᠷᠭᠡ | ᠬᠥᠰᠬᠡ ᠪᠦᠬᠦᠨ ᠤᠬᠠᠮᠰᠠᠷ ᠠᠴᠠ ᠪᠠᠨ ᠳᠠᠩᠰᠠᠯᠠᠭᠤᠯᠵᠤ᠂ ᠪᠠᠶᠢᠴᠠᠭᠠᠬᠤ ᠶᠢ ᠬᠦᠯᠢᠶᠡᠬᠦ ᠬᠡᠷᠡᠭᠲᠡᠶ᠃ ᠳᠠᠩᠰᠠᠯᠠᠭᠤᠯᠬᠤ᠂ | ᠪᠠᠶᠢᠴᠠᠭᠠᠬᠤ ᠶᠢ ᠬᠦᠯᠢᠶᠡᠬᠦ ᠦᠭᠡᠶ ᠪᠠ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠪᠠᠯ᠂ ᠪᠠᠶᠢᠴᠠᠭᠠᠬᠤ | ᠠᠵᠢᠯᠲᠠᠨ ᠲᠡᠭᠦᠨ ᠤ ᠶᠠᠪᠤᠬᠤ ᠶᠢ ᠴᠠᠭᠠᠵᠠᠯᠠᠬᠤ ᠡᠷᠬᠡ ᠲᠠᠢ᠃ | ︵ᠨᠠᠢᠮᠠ︶ ᠪᠠᠭ᠎ᠠ ᠲᠦᠷᠭᠡᠨ ᠭᠤᠤᠯ ᠪᠠᠯᠭᠠᠰᠤ ︵ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ᠲᠣᠰᠬᠤᠨ ᠤ ᠬᠢᠨ ᠤᠶᠤᠨ ᠤ ᠰᠠᠭᠠᠳ ᠲᠠᠢ ᠬᠥᠮᠦᠰ ᠪᠣᠯᠤᠨ ᠣᠨᠴᠠᠭᠠᠢ ᠬᠥᠮᠦᠰ ᠤᠨ ᠬᠠᠮᠢᠶᠠᠷᠤᠯᠲᠠ ᠶᠢ ᠦᠨᠡᠨᠬᠦ | ᠴᠢᠩᠭᠠᠳᠬᠠᠵᠤ᠂ ᠮᠡᠳᠡᠷᠡᠯ ᠤᠨ ᠡᠪᠡᠳᠴᠢᠲᠡᠨ᠂ ᠤᠶᠤᠨ ᠤ ᠰᠠᠭᠠᠳ ᠲᠠᠢ ᠬᠥᠮᠦᠰ ᠪᠣᠯᠤᠨ ᠨᠠᠰᠤᠨ ᠳᠤ ᠦᠯᠦ | ᠬᠦᠷᠦᠭᠰᠡᠳ ᠤᠨ ᠬᠢᠨᠠᠨ ᠬᠠᠮᠠᠭᠠᠯᠠᠭᠴᠢ ᠶᠢᠨ ᠬᠠᠷᠢᠭᠤᠴᠠᠯᠭ᠎ᠠ ᠶᠢ ᠰᠢᠮᠳᠠᠭᠤᠯᠤᠨ ᠨᠠᠶᠢᠳᠠᠪᠤᠷᠢᠵᠢᠭᠤᠯᠵᠤ᠂ ᠭᠠᠯ ᠠᠴᠠ | ᠪᠤᠯᠵᠤ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠠᠴᠠ ᠰᠡᠷᠭᠡᠶᠢᠯᠡᠬᠦ ᠬᠡᠷᠡᠭᠲᠡᠢ᠃ | ︵ᠶᠢᠰᠦ︶ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠵᠢᠱᠢᠶᠡᠴᠢ ᠳᠠᠭᠠᠭᠤᠯᠬᠤ ᠦᠢᠯᠡᠳᠦᠯ ᠢᠶᠠᠨ | ᠭᠦᠢᠴᠡᠳ ᠪᠠᠳᠠᠷᠠᠭᠤᠯᠵᠤ᠂ ᠪᠤᠯᠠᠰᠢᠨ ᠳᠡᠭᠡᠷ᠎ᠡ ᠴᠠᠭᠠᠰᠤ ᠰᠢᠲᠠᠭᠠᠬᠤ᠂ ᠬᠦᠵᠢ ᠵᠤᠯᠠ ᠠᠰᠠᠭᠠᠬᠤ᠂ ᠫᠤᠤᠵᠢᠩ | ᠲᠠᠯᠪᠢᠬᠤ ᠵᠡᠷᠭᠡ ᠲᠠᠬᠢᠯᠭ᠎ᠠ ᠳᠤ ᠭᠠᠯ ᠢ ᠬᠡᠷᠡᠭᠯᠡᠬᠦ ᠳᠠᠳᠬᠠᠯ ᠢ ᠤᠬᠠᠮᠰᠠᠷ ᠠᠴᠠ ᠪᠠᠨ ᠲᠠᠶᠠᠭᠳᠠᠵᠤ᠂ ᠪᠣᠯᠪᠠᠰᠤᠨ ᠪᠤᠰᠤ | ᠲᠠᠬᠢᠯᠭ᠎ᠠ ᠶᠢᠨ ᠦᠢᠯᠡ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠬᠤᠷᠢᠭᠯᠠᠨ ᠵᠣᠭᠰᠣᠭᠠᠬᠤ ᠪᠠ ᠵᠠᠯᠠᠷᠠᠭᠤᠯᠬᠤ | ᠬᠡᠷᠡᠭᠲᠡᠶ᠃ | ︵ᠠᠷᠪᠠ︶ ᠭᠠᠯ ᠢ ᠴᠠᠭᠠᠵᠠᠯᠠᠬᠤ ᠬᠤᠭᠤᠴᠠᠭᠠᠨ ᠳᠤ᠂ ᠶᠠᠮᠠᠷᠪᠠ ᠨᠢᠭᠡᠴᠢ ᠪᠣᠯᠤᠨ ᠬᠤᠪᠢ ᠬᠥᠮᠦᠨ ᠴᠥᠮ | ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠢ ᠴᠠᠭᠠᠵᠠᠯᠠᠬᠤ ᠵᠡᠷᠭᠡ ᠬᠠᠮᠢᠶ᠎ᠠ | ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠭᠠᠯ ᠢ | ᠰᠡᠷᠭᠡᠶᠢᠯᠡᠬᠦ ᠭᠠᠯ ᠢ ᠴᠠᠭᠠᠵᠠᠯᠠᠬᠤ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠳᠡᠪᠬᠢᠲᠡᠶ ᠪᠠᠷ | ᠢᠯᠡᠴᠢᠯᠡᠨ ᠮᠡᠳᠡᠭᠦᠯᠬᠦ ᠬᠡᠷᠡᠭᠲᠡᠶ ︵ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠮᠡᠳᠡᠭᠡ ᠶᠢᠨ | ᠳ᠋ᠢᠶᠠᠩᠬᠤᠸᠠ᠄ 0471 — 3825093᠂ 12119︶᠃ | ᠳᠥᠷᠪᠡ᠂ ᠬᠠᠷᠢᠭᠤᠴᠠᠯᠭ᠎ᠠ ᠨᠡᠬᠡᠮᠵᠢᠯᠡᠬᠦ | ︵ᠨᠢᠭᠡ︶ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠦᠭᠡᠢ ᠪᠠ ᠢᠷᠭᠡᠨ ᠤ ᠬᠡᠷᠡᠭ ᠤᠨ | ᠦᠢᠯᠡ ᠠᠵᠢᠯᠯᠠᠭ᠎ᠠ ᠶᠢᠨ ᠴᠢᠳᠠᠪᠤᠷᠢ ᠨᠢ ᠬᠢᠵᠠᠭᠠᠷᠲᠠᠢ ᠬᠥᠮᠦᠨ ᠠᠴᠠ ᠪᠣᠯᠤᠭᠰᠠᠨ ᠣᠶ ᠰᠢᠭᠤᠶ ᠨᠤᠲᠤᠭ | ᠪᠡᠯᠴᠢᠭᠡᠷ ᠤᠨ ᠭᠠᠯ ᠤᠨ ᠭᠠᠮᠰᠢᠭ ᠪᠦᠬᠦᠨ ᠢ ᠬᠠᠤᠯᠢ ᠶᠣᠰᠣᠭᠠᠷ ᠭᠡᠷ ᠤᠨ ᠠᠬᠠᠮᠠᠳ ᠪᠤᠶᠤ ᠬᠢᠨᠠᠨ ᠬᠠᠮᠠᠭᠠᠯᠠᠭᠴᠢ ᠶᠢᠨ | ᠬᠠᠷᠢᠭᠤᠴᠠᠯᠭ᠎ᠠ ᠶᠢ ᠨᠡᠬᠡᠮᠵᠢᠯᠡᠨ᠎ᠡ᠃ | ︵ᠬᠤᠶᠠᠷ︶ ᠲᠣᠭᠲᠠᠭᠠᠯ ᠠᠴᠠ ᠵᠥᠷᠢᠴᠡᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ | ᠠᠳᠡᠯ ᠭᠠᠷᠭᠠᠭᠰᠠᠨ ᠪᠦᠬᠦᠨ ᠢ ᠣᠶ ᠰᠢᠭᠤᠶ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠶᠣᠰᠣᠭᠠᠷ ᠰᠢᠢᠳᠪᠦᠷᠢᠯᠡᠵᠦ᠂ ᠤᠶᠢᠯᠡ ᠪᠠᠶᠢᠳᠠᠯ ᠨᠢ ᠬᠦᠨᠳᠦ ᠨᠣᠴᠢᠲᠠᠶ ᠶᠠᠯ᠎ᠠ ᠳᠤ ᠬᠦᠷᠦᠭᠰᠡᠨ ᠪᠠᠶᠢᠪᠠᠯ᠂ | ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | 2025 ᠣᠨ ᠤ 3 ᠳ᠋ᠤᠭᠠᠷ ᠰᠠᠷ᠎ᠠ ᠶᠢᠨ 15 ᠤ ᠡᠳᠦᠷ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |