ᠬᠠᠷᠢᠶᠠᠲᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠡᠷᠲᠡᠨ ᠤ ᠪᠠᠷᠢᠯᠭ᠎ᠠ ᠶᠢᠨ ᠭᠠᠯ ᠤᠨ ᠠᠶᠤᠯ ᠢ | ᠰᠡᠷᠭᠡᠶᠢᠯᠡᠨ ᠡᠵᠡᠮᠳᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠲᠡᠤᠬᠡ ᠶᠢᠨ ᠳᠤᠷᠠᠰᠬᠠᠯᠲᠤ ᠵᠦᠢᠯᠡᠰ ᠤᠨ | ᠭᠠᠯ ᠤᠨᠲᠠᠷᠠᠭᠠᠬᠤ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾ ᠢ ᠪᠠᠬᠢᠵᠢᠭᠦᠯᠬᠦ ᠶᠢᠨ ᠲᠥᠯᠥᠭᠡ᠂ | ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠵᠡᠭᠡᠯᠢ | ᠭᠤᠳᠤᠮᠵᠢ ᠨᠡᠶᠢᠭᠡᠮ ᠲᠣᠭᠤᠷᠢᠭ ᠲᠠᠢ ᠬᠠᠮᠲᠤᠷᠠᠨ ᠬᠠᠷᠢᠶᠠᠲᠤ ᠣᠷᠣᠨ ᠤ ᠬᠤᠮᠰᠢᠮ ᠪᠣᠳᠢᠰᠠᠳ᠋ᠸ᠎ᠠ ᠶᠢᠨ ᠰᠦᠮ᠎ᠡ ᠳᠤ | ᠭᠦᠨᠵᠡᠭᠡᠶᠢᠷᠡᠨ ᠭᠠᠯ ᠤᠨᠲᠠᠷᠠᠭᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠵᠢᠴᠢ ᠤᠬᠠᠭᠤᠯᠬᠤ ᠠᠵᠢᠯᠯᠠᠭ᠎ᠠ | ᠥᠷᠨᠢᠭᠦᠯᠵᠦ᠂ ᠲᠡᠤᠬᠡ ᠰᠣᠶᠣᠯ ᠤᠨ ᠥᠪ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃ | | | | | ᠪᠠᠶᠢᠴᠠᠭᠠᠯᠲᠠ ᠶᠢᠨ ᠳᠤᠮᠳᠠ᠂ ᠶᠡᠭᠡ ᠠᠩᠭᠢ ᠶᠢᠨ ᠬᠢᠨᠠᠨ ᠪᠠᠶᠢᠴᠠᠭᠠᠬᠤ ᠳᠤᠭᠤᠶᠢᠯᠠᠩ ᠬᠤᠮᠰᠢᠮ | ᠪᠣᠳᠢᠰᠠᠳ᠋ᠸ᠎ᠠ ᠶᠢᠨ ᠰᠦᠮ᠎ᠡ ᠶᠢᠨ ᠬᠠᠷᠢᠭᠤᠴᠠᠯᠭᠠᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ | ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ᠂ ᠭᠤᠤᠯᠳᠠᠭᠤ ᠭᠠᠯ ᠤᠨᠲᠠᠷᠠᠭᠠᠬᠤ | ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠠᠯ ᠤᠨᠲᠠᠷᠠᠭᠠᠬᠤ | ᠲᠥᠬᠦᠭᠡᠷᠦᠮᠵᠢ ᠨᠢ ᠪᠦᠷᠢᠨ ᠪᠦᠲᠦᠨ ᠪᠥᠭᠡᠳ ᠪᠦᠲᠦᠮᠵᠢᠲᠡᠶ ᠡᠰᠡᠬᠦ᠂ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ | ᠡᠭᠦᠳᠡ ᠨᠢ ᠰᠠᠭᠠᠳ ᠥᠬᠡᠶ ᠨᠡᠪᠲᠡᠷᠡᠬᠦ ᠶᠢ ᠪᠠᠲᠤᠯᠠᠭᠰᠠᠨ ᠡᠰᠡᠬᠦ ᠵᠡᠷᠭᠡ ᠪᠠᠶᠢᠳᠠᠯ ᠤᠨ ᠲᠣᠭᠤᠷᠢᠨ ᠳᠤ ᠲᠤᠬᠠᠶ ᠶᠢᠨ | ᠭᠠᠵᠠᠷ ᠲᠤᠨᠢ ᠪᠠᠶᠢᠴᠠᠭᠠᠯᠲᠠ ᠬᠢᠭᠰᠡᠨ ᠪᠥᠭᠡᠳ ᠬᠤᠮᠰᠢᠮ ᠪᠣᠳᠢᠰᠠᠳ᠋ᠸ᠎ᠠ ᠶᠢᠨ ᠰᠦᠮ᠎ᠡ ᠶᠢᠨ ᠪᠢᠴᠢᠯ ᠭᠠᠯ | ᠤᠨᠲᠠᠷᠠᠭᠠᠬᠤ ᠥᠷᠲᠡᠭᠡ ᠶᠢᠨ ᠠᠵᠢᠯᠲᠠᠨ ᠤ ︽ᠳᠥᠷᠪᠡᠨ ᠴᠢᠳᠠᠪᠤᠷᠢ︾᠂ ︽ᠨᠢᠭᠡ ᠶᠢ ᠤᠶᠢᠯᠠᠭᠠᠵᠤ ᠭᠤᠷᠪᠠ ᠶᠢ | ᠴᠢᠳᠠᠬᠤ︾ ᠵᠡᠷᠭᠡ ᠠᠭᠤᠯᠭ᠎ᠠ ᠶᠢ ᠣᠶᠢᠯᠠᠭᠠᠭᠰᠠᠨ ᠪᠠᠶᠢᠳᠠᠯ ᠢ ᠰᠤᠭᠤᠴᠢᠨ ᠪᠠᠶᠢᠴᠠᠭᠠᠪᠠ᠃ ᠪᠠᠶᠢᠴᠠᠭᠠᠯᠲᠠ ᠳᠤ | ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠶᠡᠭᠡ ᠠᠩᠭᠢ ᠶᠢᠨ ᠬᠢᠨᠠᠯᠲᠠ ᠲᠠᠯᠪᠢᠵᠤ ᠪᠠᠶᠢᠴᠠᠭᠠᠬᠤ ᠳᠤᠭᠤᠶᠢᠯᠠᠩ | ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠲᠡᠭᠦᠨ ᠢ ᠵᠠᠷᠯᠢᠭᠳᠠᠨ ᠴᠡᠭᠴᠡᠯᠡᠨ | ᠰᠠᠶᠢᠵᠢᠷᠠᠭᠤᠯᠪᠠ᠃ | | | | | ᠡᠭᠦᠨ ᠤ ᠬᠠᠮᠲᠤ᠂ ᠲᠡᠤᠬᠡ ᠶᠢᠨ ᠳᠤᠷᠠᠰᠬᠠᠯᠲᠤ ᠵᠦᠢᠯᠡᠰ ᠡᠷᠲᠡᠨ ᠤ ᠪᠠᠷᠢᠯᠭ᠎ᠠ ᠶᠢᠨ ᠭᠠᠵᠠᠷ ᠤᠨ ᠭᠠᠯ | ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭᠠᠲᠠᠨ ᠳᠤ ᠣᠶᠢᠷ᠎ᠠ ᠶᠢᠨ ᠬᠤᠭᠤᠴᠠᠭᠠᠨ ᠤ ᠭᠠᠯ ᠤᠨ ᠠᠶᠤᠯ ᠤᠨ | ᠠᠳᠡᠯ ᠤᠨ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ᠡᠳᠦᠷ ᠲᠤᠲᠤᠮ ᠤᠨ ᠭᠠᠯ ᠤᠨᠲᠠᠷᠠᠭᠠᠬᠤ ᠠᠮᠤᠷ | ᠲᠦᠪᠰᠢᠨ ᠤ ᠪᠠᠶᠢᠴᠠᠭᠠᠯᠲᠠ ᠶᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠭᠦᠨᠵᠡᠭᠡᠶ᠂ ᠨᠠᠷᠢᠯᠢᠭ | ᠠᠳᠬᠤᠵᠤ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠵᠤ᠂ ᠭᠠᠯ ᠤᠨ ᠭᠠᠮᠰᠢᠭ ᠤᠨ ᠳᠠᠯᠳᠠ ᠬᠡᠮ ᠢ | ᠲᠦᠢᠯᠪᠤᠷᠢᠲᠠᠶ ᠠᠷᠢᠯᠭᠠᠬᠤ ᠬᠡᠷᠡᠭᠲᠡᠶ︔ ᠭᠠᠯ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠶ︔ ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠦᠵᠡᠯ ᠤᠬᠠᠮᠰᠠᠷ ᠪᠣᠯᠤᠨ ᠭᠠᠯ ᠤᠨ | ᠠᠶᠤᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠨᠡᠮᠡᠭᠳᠡᠭᠦᠯᠦᠨ᠂ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ | ᠪᠠᠷᠢᠯᠭ᠎ᠠ ᠶᠢᠨ ᠨᠢᠭᠡᠴᠢ᠂ ᠠᠵᠢᠯᠳᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠪᠣᠯᠤᠨ ᠰᠣᠨᠣᠷ | ᠰᠡᠷᠡᠮᠵᠢ ᠪᠠᠨ ᠦᠨᠡᠨᠬᠦ ᠳᠡᠭᠡᠭᠰᠢᠯᠡᠭᠦᠯᠵᠦ᠂ ᠭᠠᠯ ᠤᠨ ᠠᠶᠤᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ | ᠭᠡᠵᠦ ᠵᠠᠬᠢᠬᠤ ᠶᠢᠨ ᠬᠠᠮᠲᠤ ᠭᠠᠯ ᠤᠨ ᠠᠶᠤᠯ ᠢ ᠬᠡᠷᠬᠢᠨ ᠪᠦᠲᠦᠮᠵᠢᠲᠡᠶ ᠪᠠᠷ ᠤᠷᠢᠳᠴᠢᠯᠠᠨ ᠰᠡᠷᠭᠡᠶᠢᠯᠡᠬᠦ᠂ ᠬᠡᠷᠬᠢᠨ | ᠲᠦᠭᠰᠢᠭᠦᠷᠢ ᠮᠡᠳᠡᠭᠦᠯᠬᠦ᠂ ᠬᠡᠷᠬᠢᠨ ᠠᠮᠢ ᠵᠢᠭᠤᠲᠠᠵᠤ ᠥᠪᠡᠷ ᠢ ᠪᠠᠨ ᠠᠪᠤᠷᠠᠬᠤ᠂ ᠠᠩᠬᠠᠨ ᠤ ᠦᠶ᠎ᠡ ᠶᠢᠨ ᠭᠠᠯ ᠤᠨ | ᠠᠶᠤᠯ ᠢ ᠬᠡᠷᠬᠢᠨ ᠤᠨᠲᠠᠷᠠᠭᠠᠬᠤ ᠵᠢᠴᠢ ᠭᠠᠯ ᠴᠠᠬᠢᠯᠭᠠᠨ ᠢ ᠬᠡᠷᠬᠢᠨ ᠵᠥᠪ ᠬᠡᠷᠡᠭᠯᠡᠬᠦ ᠵᠡᠷᠭᠡ ᠭᠠᠯ ᠤᠨᠲᠠᠷᠠᠭᠠᠬᠤ ᠠᠮᠤᠷ | ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠦᠷᠭᠦᠯᠵᠢ ᠲᠣᠬᠢᠶᠠᠯᠳᠤᠬᠤ ᠲᠠᠯᠳᠠ ᠭᠡᠮ ᠢ ᠴᠡᠭᠴᠡᠯᠡᠨ ᠵᠠᠰᠠᠬᠤ | ᠠᠷᠭ᠎ᠠ ᠪᠠ ᠭᠠᠯ ᠤᠨᠲᠠᠷᠠᠭᠠᠭᠤᠷ ᠢ ᠬᠡᠷᠡᠭᠯᠡᠬᠦ ᠤᠷ᠎ᠠ ᠮᠡᠷᠭᠡᠵᠢᠯ ᠢ ᠭᠤᠣᠯᠳᠠᠯᠭ᠎ᠠ ᠲᠠᠢ ᠪᠠᠷ ᠲᠠᠶᠢᠯᠪᠤᠷᠢᠯᠠᠵᠤ᠂ ︽ | ᠨᠣᠴᠣᠬᠤ︾ ᠠᠴᠠ ᠡᠮᠦᠨ᠎ᠡ ᠠᠶᠤᠯ ᠢ ᠰᠡᠷᠭᠡᠶᠢᠯᠡᠬᠦ ᠶᠢ ᠦᠨᠡᠨ ᠬᠦ ᠪᠡᠶᠡᠯᠡᠭᠦᠯᠵᠡᠶ᠃ | ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠨᠢᠭᠡ ᠪᠦᠯᠦᠭ ᠭᠠᠯ ᠤᠨ ᠠᠶᠤᠯ ᠤᠨ ᠳᠠᠯᠳᠠ ᠬᠡᠮ ᠢ ᠴᠠᠭ | ᠲᠤᠬᠠᠶ ᠳᠤᠨᠢ ᠠᠷᠢᠯᠭᠠᠵᠤ᠂ ᠬᠠᠷᠢᠶᠠᠲᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠡᠷᠲᠡᠨ ᠤ ᠪᠠᠷᠢᠯᠭ᠎ᠠ ᠶᠢᠨ | ᠨᠢᠭᠡᠴᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠭᠤᠤᠯ ᠴᠣᠭᠴᠠ ᠶᠢᠨ ᠤᠬᠠᠮᠰᠠᠷ ᠢ | ᠪᠦᠲᠦᠮᠵᠢᠲᠡᠶ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ | ᠦᠷᠭᠦᠯᠵᠢᠯᠡᠨ ᠲᠣᠭᠲᠠᠭᠤᠨ ᠪᠠᠶᠢᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | | |