ᠢᠦᠢ ᠴᠢᠤᠸᠠᠨ ᠲᠣᠭᠤᠷᠢᠭ ᠤᠨ ᠶᠣᠰᠣ ᠰᠤᠷᠲᠠᠬᠤᠨ ᠤ ᠵᠢᠱᠢᠶᠡᠴᠢ ᠶᠢᠨ ᠲᠣᠭᠤᠷᠢᠨ ᠲᠠᠶᠢᠯᠤᠮᠵᠢ ᠤᠮᠠᠷᠠᠲᠤ ᠬᠢᠯᠢ ᠶᠢᠨ ᠰᠣᠶᠣᠯ ᠤᠨ ᠤᠬᠠᠭᠤᠯᠤᠨ ᠲᠠᠶᠢᠯᠪᠤᠷᠢᠯᠠᠯᠲᠠ ᠲᠠᠢ ᠬᠠᠮᠲᠤᠪᠠᠷ ᠰᠢᠨ᠎ᠡ ᠬᠠᠭᠤᠳᠠᠰᠤ ᠶᠢ ᠪᠢᠴᠢᠭᠯᠡᠪᠡ
ᠨᠡᠶᠢᠲᠡᠯᠡᠭᠰᠡᠨ ᠴᠠᠭ᠄
2025/3/24
     ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠨᠢᠭᠡ ᠤᠳᠠᠭᠠᠨ ᠤ ᠥᠪᠡᠷᠮᠢᠴᠡ ᠣᠨᠴᠠᠯᠢᠭ ᠲᠠᠢ ᠠᠵᠢᠯᠯᠠᠭ᠎ᠠ ᠶᠢ ᠤᠭᠲᠤᠨ ᠠᠪᠴᠢᠷᠠᠯ᠎ᠠ᠃ ᠠᠵᠢᠯᠯᠠᠭ᠎ᠠ ᠶᠢ ᠶᠣᠰᠣ ᠰᠤᠷᠲᠠᠬᠤᠨ ᠤ ᠵᠢᠱᠢᠶᠡᠴᠢ ᠶᠢᠨ ᠦᠢᠯᠡ ᠠᠵᠢᠯᠯᠠᠭ᠎ᠠ ᠶᠢ ᠲᠣᠭᠤᠷᠢᠨ ᠲᠠᠶᠢᠯᠪᠤᠷᠢᠯᠠᠬᠤ ᠪᠠ ᠤᠮᠠᠷᠠᠲᠤ ᠬᠢᠯᠢ ᠶᠢᠨ ᠰᠣᠶᠣᠯ ᠢ ᠤᠬᠠᠭᠤᠯᠤᠨ ᠲᠠᠶᠢᠯᠪᠤᠷᠢᠯᠠᠬᠤ ᠬᠤᠶᠠᠷ ᠭᠤᠭᠴᠤᠭ᠎ᠠ ᠳᠤ ᠬᠤᠪᠢᠶᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠤᠶᠤᠨ ᠰᠠᠨᠠᠭ᠎ᠠ ᠪᠠ ᠰᠣᠶᠣᠯ ᠤᠨ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃
     ᠶᠣᠰᠣ ᠰᠤᠷᠲᠠᠬᠤᠨ ᠤ ᠵᠢᠱᠢᠶᠡᠴᠢ ᠶᠢᠨ ᠦᠢᠯᠡ ᠠᠵᠢᠯᠯᠠᠭ᠎ᠠ ᠶᠢ ᠲᠣᠭᠤᠷᠢᠨ ᠲᠠᠶᠢᠯᠪᠤᠷᠢᠯᠠᠬᠤ ᠭᠤᠭᠴᠤᠭ᠎ᠠ ᠳᠤ᠂ ᠬᠤᠸᠠ ᠢᠦᠢ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ᠂ ᠨᠡᠶᠢᠭᠡᠮ ᠲᠣᠭᠤᠷᠢᠭ ᠤᠨ ᠡᠷᠬᠢᠯᠡᠭᠴᠢ ᠺᠸᠤ ᠪᠦᠦ ᠴᠢᠨ ᠪᠣᠯᠤᠨ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ  ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠬᠢ ᠶᠢᠨ ᠲᠦᠷᠭᠡᠨ  ᠬᠤᠷᠳᠤᠴᠠᠲᠤ ᠵᠠᠮ ᠤᠨ ᠶᠡᠭᠡ ᠠᠩᠬᠢ ᠶᠢᠨ ᠳᠡᠳ᠋ ᠳᠠᠷᠤᠭ᠎ᠠ ᠵᠠᠩ ᠯᠢ ᠴᠢᠶᠠᠩ ᠲᠤᠰ ᠲᠤᠰ ᠥᠪᠡᠷ ᠤᠨ ᠠᠵᠢᠯ ᠦᠢᠯᠡᠰ ᠢᠶᠠᠨ ᠳᠡᠭᠡᠳᠦᠯᠡᠵᠦ ᠬᠤᠪᠢ ᠨᠡᠮᠡᠷᠢ ᠦᠵᠡᠭᠦᠯᠦᠭᠰᠡᠨ ᠦᠯᠢᠭᠡᠷ ᠢᠶᠠᠨ ᠶᠠᠷᠢᠪᠠ᠃ ᠺᠸᠤ ᠪᠦᠦ ᠴᠢᠨ ︽ᠬᠥᠮᠦᠨ ᠢᠶᠠᠷ ᠦᠨᠳᠦᠰᠦ ᠪᠣᠯᠭᠠᠵᠤ᠂ ᠰᠠᠭᠤᠭᠠᠯᠢ ᠠᠷᠠᠳ ᠲᠤ ᠦᠢᠯᠡᠴᠢᠯᠡᠬᠦ︾ ᠪᠠᠷ ᠵᠣᠷᠢᠯᠲᠠ ᠪᠣᠯᠭᠠᠵᠤ᠂ ᠦᠨᠳᠦᠰᠦᠨ ᠱᠠᠲᠤᠨ ᠳᠤ ᠦᠨᠳᠦᠰᠦᠯᠡᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠪᠡ︔ ᠵᠠᠩ ᠯᠢ ᠴᠢᠶᠠᠩ ᠴᠡᠷᠢᠭ ᠤᠨ ᠠᠯᠪᠠᠨ ᠠᠴᠠ ᠬᠠᠯᠠᠭᠳᠠᠭᠰᠠᠨ ᠴᠤ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠪᠠᠷ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠤᠨ ᠪᠠᠶᠢᠷᠢ ᠳᠡᠭᠡᠷ᠎ᠡ ᠬᠡᠷᠡᠯ ᠭᠢᠯᠪᠠᠭ᠎ᠠ ᠪᠠᠨ ᠰᠠᠴᠤᠷᠠᠭᠤᠯᠵᠤ ᠪᠠᠶᠢᠨ᠎ᠠ᠃ ᠲᠡᠳᠡᠨ ᠤ ᠦᠢᠯᠡ ᠠᠵᠢᠯᠯᠠᠭ᠎ᠠ ᠨᠢ ᠲᠤᠬᠠᠢ ᠶᠢᠨ ᠲᠠᠯᠠᠪᠤᠷ ᠲᠤ ᠪᠠᠶᠢᠭᠰᠠᠨ ᠰᠠᠭᠤᠭᠠᠯᠢ ᠠᠷᠠᠳ ᠤᠨ ᠰᠡᠳᠬᠢᠯ ᠢ ᠶᠡᠬᠡᠳᠡ ᠬᠥᠳᠡᠯᠭᠡᠵᠦ᠂ ᠬᠡᠰᠡᠭ ᠬᠡᠰᠡᠭ ᠠᠯᠠᠭ᠎ᠠ ᠲᠠᠰᠢᠯᠳᠠ ᠶᠢ ᠣᠯᠤᠭᠰᠠᠨ ᠪᠠᠶᠢᠨ᠎ᠠ᠃
     ᠳᠠᠷᠠᠭ᠎ᠠ ᠨᠢ᠂ ᠲᠤᠰ ᠠᠵᠢᠯᠯᠠᠭ᠎ᠠ ᠤᠮᠠᠷᠠᠲᠤ ᠬᠢᠯᠢ ᠶᠢᠨ ᠰᠣᠶᠣᠯ ᠢ ᠤᠬᠠᠭᠤᠯᠤᠨ ᠲᠠᠶᠢᠯᠪᠤᠷᠢᠯᠠᠬᠤ ᠭᠤᠭᠴᠤᠭ᠎ᠠ ᠳᠤ ᠤᠷᠤᠪᠠ᠃ ᠤᠬᠠᠭᠤᠯᠤᠨ ᠲᠠᠶᠢᠯᠪᠤᠷᠢᠯᠠᠭᠴᠢ ᠯᠢᠶᠠᠨ ᠶᠦᠨ ᠰᠢᠶᠠ ᠠᠮᠢᠳᠤᠯᠢᠭ ᠦᠭᠡ ᠬᠡᠯᠡ ᠪᠠ ᠪᠠᠶᠠᠯᠢᠭ ᠬᠠᠶᠢᠷ᠎ᠠ ᠰᠡᠳᠬᠢᠯᠭᠡ ᠪᠠᠷ ᠰᠠᠭᠤᠭᠠᠯᠢ ᠠᠷᠠᠳ ᠲᠤ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠪᠠ ᠭᠦᠨ ᠵᠤᠵᠠᠭᠠᠨ ᠠᠭᠤᠯᠬᠤᠨ ᠢ ᠶᠠᠷᠢᠪᠠ᠃ ᠲᠡᠦᠬᠡ ᠶᠢᠨ ᠦᠯᠢᠭᠡᠷ᠂ ᠵᠠᠩ ᠦᠢᠯᠡ ᠶᠢᠨ ᠰᠣᠶᠣᠯ ᠵᠡᠷᠭᠡ ᠶᠢ ᠶᠠᠷᠢᠬᠤ ᠪᠠᠷ ᠳᠠᠮᠵᠢᠭᠤᠯᠵᠤ᠂ ᠰᠠᠭᠤᠭᠠᠯᠢ ᠠᠷᠠᠳ ᠲᠤ ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ ᠪᠠ ᠦᠨ᠎ᠡ ᠦᠷᠳᠡᠭ ᠢ ᠨᠡᠩ ᠭᠦᠨᠵᠡᠭᠡᠢ ᠣᠶᠢᠯᠠᠭᠠᠭᠤᠯᠵᠤ᠂ ᠤᠯᠠᠨ ᠤ ᠨᠤᠲᠤᠭ ᠤᠨ ᠢᠶᠠᠨ ᠰᠣᠶᠣᠯ ᠢ ᠬᠠᠶᠢᠷᠠᠯᠠᠬᠤ ᠪᠠ ᠤᠯᠠᠮᠵᠢᠯᠠᠬᠤ ᠤᠬᠠᠮᠰᠠᠷ ᠢ ᠬᠥᠭᠵᠢᠭᠡᠵᠡᠢ᠃
     ᠲᠤᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠰᠠᠭᠤᠭᠠᠯᠢ ᠠᠷᠠᠳ ᠲᠤ ᠶᠣᠰᠣ ᠮᠣᠷᠠᠯ ᠤᠨ ᠵᠢᠱᠢᠶᠡᠴᠢ ᠶᠢᠨ ᠬᠦᠴᠦᠨ ᠴᠢᠳᠠᠯ ᠢ ᠣᠶᠢᠯᠠᠭᠠᠭᠤᠯᠤᠭᠰᠠᠨ ᠪᠥᠭᠡᠳ ᠨᠡᠶᠢᠭᠡᠮ ᠵᠢᠷᠤᠮ ᠤᠨ ᠭᠤᠤᠯᠠᠭᠴᠢ ᠥᠷᠲᠡᠭ ᠤᠨ ᠦᠵᠡᠯᠲᠡ ᠪᠣᠯᠤᠨ ᠤᠮᠠᠷᠠᠲᠤ ᠬᠢᠯᠢ ᠶᠢᠨ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠤᠭᠰᠠᠨ ᠪᠠᠶᠢᠨ᠎ᠠ᠃ ᠶᠣᠰᠣ ᠰᠤᠷᠲᠠᠬᠤᠨ ᠤ ᠵᠢᠱᠢᠶᠡᠴᠢ ᠶᠢᠨ ᠳᠠᠭᠠᠭᠤᠯᠭ᠎ᠠ ᠪᠠ ᠤᠮᠠᠷᠠᠲᠤ ᠬᠢᠯᠢ ᠶᠢᠨ ᠰᠣᠶᠣᠯ ᠤᠨ ᠨᠥᠯᠥᠭᠡᠯᠡᠯ ᠢᠶᠠᠷ᠂ ᠢᠦᠢ ᠴᠢᠤᠸᠠᠨ ᠲᠣᠭᠤᠷᠢᠭ ᠤᠨ ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠠᠭᠤᠭᠠᠯᠢ ᠠᠷᠠᠳ ᠨᠡᠶᠢᠭᠡᠮ ᠲᠣᠭᠤᠷᠢᠭ ᠤᠨ ᠪᠠᠶᠢᠭᠤᠯᠤᠯᠲᠠ ᠳᠤ ᠨᠡᠩ ᠢᠳᠡᠪᠬᠢᠲᠡᠢ ᠪᠠᠷ ᠣᠷᠣᠯᠴᠠᠵᠤ᠂ ᠡᠶ᠎ᠡ ᠵᠣᠬᠢᠴᠠᠩᠭᠤᠢ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠣᠷᠴᠢᠨ ᠨᠦᠬᠦᠴᠡᠯ ᠢ ᠪᠠᠶᠢᠭᠤᠯᠬᠤ ᠳᠤ ᠬᠠᠮᠲᠤᠪᠠᠷ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号