ᠢᠦᠢ ᠴᠢᠤᠸᠠᠨ ᠲᠣᠭᠤᠷᠢᠭ ᠤᠨ 2025 ᠣᠨ ᠤ 1 — 2 ᠳ᠋ᠤᠭᠠᠷ ᠰᠠᠷ᠎ᠠ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠵᠠᠳᠠᠯᠤᠯᠲᠠ
ᠨᠡᠶᠢᠲᠡᠯᠡᠭᠰᠡᠨ ᠴᠠᠭ᠄
2025/3/24
     1 — 2 ᠳ᠋ᠤᠭᠠᠷ ᠰᠠᠷ᠎ᠠ ᠳᠤ᠂ ᠪᠦᠬᠦ ᠲᠤᠭᠤᠷᠢᠭ ᠤᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢ ᠲᠡᠮᠡᠴᠡᠵᠦ᠂ ᠠᠵᠢᠯᠯᠠᠬᠤ ᠶᠢ ᠲᠡᠷᠢᠭᠦᠨ ᠳᠤ ᠲᠠᠯᠪᠢᠨ ᠬᠥᠭᠵᠢᠯᠲᠡ ᠶᠢ ᠠᠳᠬᠤᠵᠤ᠂ ᠪᠦᠬᠦ ᠲᠤᠭᠤᠷᠢᠭ ᠤᠨ ᠠᠵᠤ ᠠᠬᠤᠢ ᠶᠢᠨ ᠠᠵᠢᠯᠯᠠᠭᠠᠨ ᠦᠷᠭᠦᠯᠵᠢᠯᠡᠨ ᠰᠠᠶᠢᠵᠢᠷᠠᠬᠤ ᠬᠠᠨᠳᠤᠰᠢ ᠲᠠᠢ ᠪᠣᠯᠵᠤ᠂ ᠡᠬᠢᠯᠡᠯᠲᠡ ᠲᠣᠭᠲᠠᠭᠤᠨ ᠪᠠᠶᠢᠨ᠎ᠠ᠃ ᠡᠭᠦᠨ ᠳᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠡᠷᠴᠢᠮᠲᠡᠢ ᠳᠡᠭᠡᠭᠰᠢᠯᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠣᠭᠲᠠᠭᠤᠨ ᠢᠶᠠᠷ ᠬᠥᠭᠵᠢᠵᠦ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠦᠷᠭᠦᠯᠵᠢᠯᠡᠨ ᠳᠡᠭᠡᠭᠰᠢᠯᠡᠪᠡ᠃      ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ      1 — 2 ᠳ᠋ᠤᠭᠠᠷ ᠰᠠᠷ᠎ᠠ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 8.6% ᠪᠠᠷ ᠨᠡᠮᠡᠭᠳᠡᠪᠡ᠃ ᠡᠭᠦᠨ ᠳᠤ᠂ ᠢᠳᠡᠭᠡᠨ ᠤ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 0.5% ᠪᠠᠷ ᠨᠡᠮᠡᠭᠳᠡᠵᠦ᠂ ᠴᠠᠬᠢᠯᠭᠠᠨ ᠮᠠᠰᠢᠨ ᠮᠧᠬᠠᠨᠢᠭ ᠪᠠ ᠪᠠᠭᠠᠵᠢ ᠬᠡᠷᠡᠭᠰᠡᠯ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 2.3% ᠪᠠᠷ ᠨᠡᠮᠡᠭᠳᠡᠵᠦ᠂ ᠲᠡᠮᠦᠷᠯᠢᠭ ᠪᠤᠰᠤ ᠠᠭᠤᠷᠬᠠᠶ ᠶᠢᠨ ᠪᠦᠲᠦᠭᠡᠭᠳᠡᠬᠦᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 3.1% ᠪᠠᠷ ᠨᠡᠮᠡᠭᠳᠡᠵᠦ᠂ ᠨᠡᠶᠢᠳᠡᠮ ᠬᠡᠷᠡᠭᠯᠡᠬᠦ ᠲᠥᠬᠦᠭᠡᠷᠦᠮᠵᠢ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠪᠡ᠃      ᠲᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ      1 — 2 ᠳ᠋ᠤᠭᠠᠷ ᠰᠠᠷ᠎ᠠ ᠳᠤ᠂ ᠪᠥᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 24.7% ᠪᠠᠷ ᠨᠡᠮᠡᠭᠳᠡᠪᠡ᠃ ᠪᠠᠯᠠ ᠣᠷᠣᠭᠤᠯᠤᠯᠲᠠ ᠶᠢᠨ ᠬᠦᠷᠢᠶᠡᠨ ᠠᠴᠠ ᠦᠵᠡᠪᠡᠯ᠂ ᠪᠥᠬᠦ ᠲᠤᠭᠤᠷᠢᠭ ᠤᠨ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1237.4% ᠪᠠᠷ ᠨᠡᠮᠡᠭᠳᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 59.0% ᠪᠠᠷ ᠪᠠᠭᠤᠷᠠᠪᠠ᠃ ᠪᠡᠯᠡ ᠣᠷᠣᠭᠤᠯᠤᠯᠲᠠ ᠶᠢᠨ ᠭᠤᠣᠯ ᠴᠣᠭᠴᠠ ᠠᠴᠠ ᠦᠵᠡᠪᠡᠯ᠂ ᠪᠥᠬᠦ ᠲᠤᠭᠤᠷᠢᠭ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 162.2% ᠢᠶᠠᠷ ᠨᠡᠮᠡᠭᠳᠡᠪᠡ︔ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 64.9% ᠪᠠᠷ ᠪᠠᠭᠤᠷᠠᠪᠠ᠃      ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ      1 — 2 ᠳ᠋ᠤᠭᠠᠷ ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 22.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 13.0% ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠬᠡᠯᠪᠡᠷᠢ ᠠᠴᠠ ᠠᠪᠴᠤ ᠦᠵᠡᠪᠡᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 12.1% ᠪᠠᠷ ᠨᠡᠮᠡᠭᠳᠡᠪᠡ︔ ᠬᠢᠵᠠᠭᠠᠷᠯᠠᠭᠰᠠᠨ ᠳᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 25.3% ᠪᠠᠷ ᠨᠡᠮᠡᠭᠳᠡᠪᠡ᠃        ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号