ᠲᠦᠷᠦᠭᠦᠬᠡᠨ᠂ ᠪᠤᠭᠤᠮᠲᠠ ᠶᠢᠨ ᠬᠠᠭᠤᠴᠢᠨ ᠵᠡᠭᠡᠯᠢ ᠶᠢᠨ ᠵᠤᠭᠠᠴᠠᠯ ᠰᠡᠯᠡᠭᠦᠴᠡᠯ ᠤᠨ ᠵᠡᠭᠡᠯᠢ ᠲᠣᠭᠤᠷᠢᠭ ᠲᠤ᠂ | ᠢᠦᠶ ᠴᠢᠤᠸᠠᠨ ᠲᠣᠭᠤᠷᠢᠭ ᠤᠨ ᠣᠶ ᠰᠢᠭᠤᠶ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠂ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠶᠢᠰᠦᠨ ᠰᠠᠯᠠᠭ᠎ᠠ ᠮᠥᠴᠢᠷ ᠲᠠᠢ | ᠬᠠᠮᠲᠤᠷᠠᠨ ᠰᠠᠷ᠎ᠠ ᠬᠠᠭᠠᠰ ᠤᠨ ᠬᠤᠭᠤᠴᠠᠭ᠎ᠠ ᠲᠠᠢ ︽ᠰᠡᠷᠢᠭᠦᠨ ᠰᠠᠯᠬᠢᠨ ᠤ ᠠᠵᠢᠯᠯᠠᠭ᠎ᠠ 2025︾ ᠶᠢ ᠡᠬᠢᠯᠡᠭᠦᠯᠪᠡ᠃ | ᠲᠣᠰ ᠠᠵᠢᠯᠯᠠᠭ᠎ᠠ ᠨᠢ ᠤᠶᠤᠨᠴᠢᠯᠠᠭᠰᠠᠨ ᠬᠢᠨᠠᠯᠲᠠ ᠬᠠᠮᠢᠶᠠᠷᠤᠯᠲᠠ ᠪᠣᠯᠤᠨ ᠪᠥᠬᠦ ᠠᠷᠠᠳ ᠢᠶᠠᠷ ᠢᠶᠠᠨ ᠬᠠᠮᠲᠤ ᠪᠠᠷ | ᠵᠠᠰᠠᠬᠤ ᠶᠢ ᠤᠶᠠᠯᠳᠤᠭᠤᠯᠬᠤ ᠵᠠᠭᠪᠤᠷ ᠢᠶᠠᠷ ᠳᠠᠮᠵᠢᠭᠤᠯᠤᠨ᠂ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠤᠯᠢ ᠪᠤᠰᠤ | ᠠᠷᠠᠯᠵᠢᠶ᠎ᠠ ᠳᠤ ᠪᠥᠬᠦ ᠬᠡᠯᠬᠢᠶ᠎ᠡ ᠪᠠᠷ ᠴᠣᠬᠢᠯᠲᠠ ᠥᠭᠴᠡᠶ᠃ | | | | | ᠲᠣᠰ ᠤᠳᠠᠭᠠᠨ ᠤ ᠠᠵᠢᠯᠯᠠᠭ᠎ᠠ ᠨᠢ ᠪᠥᠬᠦ ᠲᠤᠭᠤᠷᠢᠭ ᠢ ᠬᠠᠮᠤᠷᠤᠭᠰᠠᠨ 300 ᠬᠡᠲᠦ ᠤᠯᠠᠭᠠᠨ | ᠰᠠᠴᠤᠷᠠᠭ ᠤᠨ ᠵᠢᠷᠤᠭ ᠤᠨ ᠮᠠᠰᠢᠨ ᠤ ᠬᠢᠨᠠᠨ ᠬᠡᠮᠵᠢᠬᠦ ᠴᠡᠭ ᠵᠢᠴᠢ ᠤᠶᠤᠨᠲᠤ ᠬᠠᠷᠠᠭᠠᠨ ᠳᠠᠪᠲᠠᠮᠵᠢ ᠪᠠᠷ ᠬᠢᠨᠠᠨ | ᠡᠵᠡᠮᠳᠡᠬᠦ ᠰᠢᠰᠲ᠋ᠧᠮ ᠳᠤ ᠲᠦᠰᠢᠭᠯᠡᠨ᠂ ︽ᠲᠩᠷᠢ ᠶᠢᠨ ᠨᠢᠳᠦ + ᠭᠠᠵᠠᠷ ᠤᠨ ᠰᠦᠯᠵᠢᠶ᠎ᠡ︾ ᠶᠢᠨ ᠪᠡᠶᠡᠲᠦ | ᠲᠣᠭᠤᠷᠢᠨ ᠪᠠᠶᠢᠴᠠᠭᠠᠬᠤ ᠰᠢᠰᠲ᠋ᠧᠮ ᠢ ᠪᠠᠶᠢᠭᠤᠯᠪᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ AI ᠵᠢᠷᠤᠭ ᠳᠦᠷᠰᠦ ᠶᠢ ᠢᠯᠭᠠᠨ ᠲᠠᠨᠢᠬᠤ ᠮᠡᠷᠭᠡᠵᠢᠯ ᠢ ᠬᠡᠷᠡᠭᠯᠡᠨ 42 ᠲᠠᠷᠢᠶᠠᠯᠠᠩ ᠤᠨ ᠠᠷᠠᠯᠵᠢᠶᠠᠨ ᠤ | ᠵᠠᠬ᠎ᠠ ᠳᠡᠯᠭᠡᠭᠦᠷ᠂ 15 ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠳᠤ ᠴᠠᠭ ᠲᠤᠬᠠᠶ ᠳᠤᠨᠢ ᠠᠷᠠᠯᠵᠢᠶᠠᠯᠠᠭᠰᠠᠨ | ᠲᠤᠭ᠎ᠠ ᠪᠠᠷᠢᠮᠲᠠ ᠶᠢ ᠰᠢᠭᠰᠢᠨ ᠪᠠᠶᠢᠴᠠᠭᠠᠵᠤ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ 24 ᠴᠠᠭ ᠤᠨ | ᠢᠯᠡᠴᠢᠯᠡᠨ ᠮᠡᠳᠡᠭᠦᠯᠬᠦ ᠲᠤᠰᠬᠠᠶ ᠱᠤᠭᠤᠮ ︵0471 — 12345︶ ᠢ ᠵᠡᠷᠭᠡ ᠪᠠᠷ ᠨᠡᠪᠲᠡᠷᠡᠭᠦᠯᠵᠦ᠂ | ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠬᠤᠯᠪᠣᠭᠠᠯᠠᠨ ᠬᠥᠳᠡᠯᠦᠯᠴᠡᠭᠰᠡᠨ ᠨᠠᠷᠢᠯᠢᠭ ᠣᠨᠣᠴᠠᠲᠠᠶ ᠪᠠᠷ | ᠴᠣᠬᠢᠯᠲᠠ ᠥᠭᠬᠦ ᠲᠣᠤᠷ ᠰᠦᠯᠵᠢᠶ᠎ᠡ ᠶᠢ ᠪᠣᠶ ᠪᠣᠯᠭᠠᠪᠠ᠃ ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠳᠤ᠂ | ᠬᠠᠤᠯᠢ ᠬᠡᠷᠡᠭᠵᠢᠭᠦᠯᠬᠦ ᠡᠩᠨᠡᠭᠡ ᠶᠢᠨ ᠬᠢᠨ ᠶᠡᠭᠡ ᠵᠣᠣ ᠲᠠᠯᠠᠪᠠᠶ ᠶᠢᠨ ᠡᠷᠬᠢᠨ ᠲᠣᠭᠤᠷᠢᠨ ᠤ ᠰᠣᠶᠣᠯ ᠵᠢᠭᠤᠯᠴᠢᠯᠠᠯ ᠤᠨ | ᠬᠤᠳᠠᠯᠳᠤᠭᠠᠨ ᠤ ᠲᠣᠭᠤᠷᠢᠭ ᠢ ᠭᠤᠤᠯᠳᠠᠯᠭ᠎ᠠ ᠲᠠᠢ ᠲᠣᠭᠤᠷᠢᠨ ᠪᠠᠶᠢᠴᠠᠭᠠᠵᠤ᠂ ᠣᠷᠣᠰᠢᠵᠤ ᠮᠡᠳᠡᠬᠦ ᠬᠠᠤᠯᠢ ᠪᠤᠰᠤ | ᠠᠷᠠᠯᠵᠢᠶᠠᠨ ᠤ ᠠᠵᠢᠯᠯᠠᠭ᠎ᠠ ᠳᠤ ᠬᠡᠪᠢᠰ ᠮᠠᠶ᠋ᠢᠭ ᠤᠨ ᠪᠠᠶᠢᠴᠠᠭᠠᠯᠲᠠ ᠬᠢᠪᠠ᠃ | ᠬᠥᠬᠡᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠢᠦᠶ ᠴᠢᠤᠸᠠᠨ ᠬᠤᠪᠢᠶᠠᠷᠢ | ᠲᠣᠪᠴᠢᠶ᠎ᠠ ᠶᠢᠨ ᠶᠠᠩ ᠷᠦᠢ ᠴᠢᠶᠠᠩ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠂ ᠲᠣᠰ ᠤᠳᠠᠭᠠᠨ ᠤ ︽ | ᠰᠡᠷᠢᠭᠦᠨ ᠰᠠᠯᠬᠢᠨ ᠤ ᠠᠵᠢᠯᠯᠠᠭ᠎ᠠ 2025︾ ᠨᠢ 3 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠦᠷᠭᠦᠯᠵᠢᠯᠡᠵᠦ᠂ | ᠡᠨᠡ ᠬᠤᠭᠤᠴᠠᠭᠠᠨ ᠳᠤ ᠣᠷᠣᠨ ᠪᠦᠰᠡ ᠠᠯᠤᠰᠯᠠᠨ ᠬᠠᠮᠲᠤᠷᠠᠨ ᠬᠠᠤᠯᠢ ᠬᠡᠷᠡᠭᠵᠢᠭᠦᠯᠬᠦ ᠵᠢᠴᠢ ᠭᠤᠤᠯᠳᠠᠯᠭ᠎ᠠ ᠲᠠᠢ | ᠠᠵᠢᠯ ᠲᠥᠷᠥᠯ ᠤᠨ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠦᠨ᠎ᠡ ᠭᠡᠵᠡᠶ᠃ ᠢᠦᠢ ᠴᠢᠤᠸᠠᠨ | ᠲᠣᠭᠤᠷᠢᠭ ᠤᠨ ᠬᠢᠨ ᠭᠡᠷᠡᠴᠢ ᠦᠨᠡᠮᠯᠡᠯ ᠤᠨ ᠬᠠᠮᠢᠶᠠᠷᠤᠯᠲᠠ ᠶᠢᠨ ᠰᠠᠭᠤᠷᠢ ᠶᠢ ᠪᠠᠲᠤᠳᠬᠠᠬᠤ᠂ ᠡᠬᠢ | ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ᠂ ᠬᠡᠭᠡᠷ᠎ᠡ ᠶᠢᠨ ᠠᠮᠢᠳᠠᠨ ᠤᠷᠭᠤᠮᠠᠯ ᠢ ᠬᠠᠮᠠᠭᠠᠯᠠᠬᠤ | ᠲᠣᠣᠷ ᠢ ᠨᠢᠭᠲᠠ ᠰᠦᠯᠵᠢᠬᠦ ᠪᠠᠷ ᠳᠠᠮᠵᠢᠭᠤᠯᠵᠤ᠂ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠭᠦᠯᠬᠦ ᠳᠤ ᠦᠢᠯᠡᠳᠦᠯᠭᠡ ᠶᠢᠨ ᠠᠷᠭ᠎ᠠ ᠵᠠᠮ ᠢ ᠬᠠᠶᠢᠨ ᠰᠦᠪᠡᠭᠴᠢᠯᠡᠪᠡ᠃ ᠬᠤᠲᠠ ᠶᠢᠨ ᠠᠷᠠᠳ | ︽ᠬᠥᠬᠡ ᠬᠤᠲᠠ ᠶᠢᠨ ᠨᠢᠳᠦ︾ ᠰᠢᠭᠤᠳ ᠨᠡᠪᠲᠡᠷᠡᠭᠦᠯᠭᠡ ᠶᠢᠨ ᠲᠠᠪᠴᠠᠩ ᠢᠶᠠᠷ ᠳᠠᠮᠵᠢᠭᠤᠯᠤᠨ ᠬᠠᠤᠯᠢ | ᠬᠡᠷᠡᠭᠵᠢᠭᠦᠯᠦᠭᠰᠡᠨ ᠪᠣᠳᠠᠲᠤ ᠪᠠᠶᠢᠳᠠᠯ ᠢ ᠳᠠᠬᠢᠨ ᠦᠵᠡᠵᠦ ᠪᠣᠯᠤᠨ᠎ᠠ᠂ ᠬᠡᠷᠡᠭ ᠤᠨ ᠠᠬᠢᠴᠠ ᠶᠢ ᠴᠠᠭ ᠲᠤᠬᠠᠶ ᠳᠤᠨᠢ ︽ | ᠢᠦᠶ ᠴᠢᠤᠸᠠᠨ ᠪᠢᠴᠢᠯ ᠬᠤᠲᠠ ᠶᠢᠨ ᠬᠢᠨᠠᠯᠲᠠ︾ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ | ᠨᠡᠶᠢᠭᠡᠮ ᠨᠡᠶᠢᠲᠡ ᠳᠤ ᠨᠡᠶᠢᠲᠡᠯᠡᠬᠦ ᠪᠣᠯᠤᠨ᠎ᠠ᠃ | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |