ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ | 18 ᠠᠴᠠ 20 ᠤ ᠡᠳᠦᠷ ᠪᠣᠯᠲᠠᠯ᠎ᠠ ᠹᠦᠵᠢᠶᠠᠨ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ ᠴᠢᠬᠤᠯᠠᠴᠢᠯᠠᠬᠤ ᠳᠤ ᠪᠠᠨ᠂ | ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠤᠶᠠᠷ ᠬᠤᠷᠠᠯ ᠳᠤ ᠲᠣᠳᠣᠷᠬᠠᠢ ᠲᠣᠭᠲᠠᠭᠠᠭᠰᠠᠨ ᠡᠯ᠎ᠡ ᠵᠦᠢᠯ ᠤᠨ | ᠡᠭᠦᠷᠭᠡ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠲᠣᠭᠲᠠᠭᠤᠨ ᠪᠤᠰᠤ ᠲᠣᠭᠲᠠᠭᠠᠯᠲᠤ ᠪᠤᠰᠤ ᠬᠦᠴᠦᠨ | ᠵᠦᠢᠯ ᠳᠤ ᠰᠢᠭᠤᠳ ᠬᠠᠨᠳᠤᠵᠤ᠂ ᠢᠲᠡᠭᠡᠯ ᠵᠣᠷᠢᠭ ᠢᠶᠠᠨ ᠪᠠᠲᠤᠳᠬᠠᠨ᠂ ᠬᠦᠴᠢᠷ ᠪᠡᠷᠬᠡ ᠶᠢ ᠢᠯᠠᠨ ᠳᠠᠪᠠᠵᠤ ᠡᠷᠡᠯᠬᠡᠭᠯᠡᠨ | ᠤᠷᠤᠭᠰᠢᠯᠠᠵᠤ᠂ ᠵᠠᠮ ᠨᠡᠭᠡᠭᠡᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ | ᠠᠵᠢᠯ ᠢ ᠰᠠᠶᠢᠲᠤᠷ ᠬᠢᠵᠦ᠂ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠰᠢᠨ᠎ᠡ ᠳᠠᠪᠠᠭᠤᠯᠢᠭ ᠢ | ᠲᠦᠷᠭᠡᠪᠴᠢᠯᠡᠨ ᠪᠤᠶ ᠪᠣᠯᠭᠠᠬᠤ ᠬᠡᠷᠡᠭᠲᠡᠢ ᠭᠡᠵᠡᠢ᠃ | | | | | | 3 ᠳ᠋ᠤᠭᠠᠷ ᠰᠠᠷ᠎ᠠ ᠶᠢᠨ 18 ᠠᠴᠠ 20 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ | ᠶᠡᠷᠦᠩᠬᠡᠢ ᠰᠠᠶᠢᠳ ᠯᠢ ᠴᠢᠶᠠᠩ ᠹᠦᠵᠢᠶᠠᠨ ᠳᠤ ᠪᠠᠶᠢᠴᠠᠭᠠᠨ ᠰᠤᠳᠤᠯᠤᠯᠲᠠ ᠬᠢᠪᠡ᠃ ᠡᠨᠡ ᠪᠣᠯ 3 ᠳ᠋ᠤᠭᠠᠷ ᠰᠠᠷ᠎ᠠ ᠶᠢᠨ | 18 ᠤ ᠡᠳᠦᠷ᠂ ᠯᠢ ᠴᠢᠶᠠᠩ ᠴᠢᠤᠸᠠᠨᠵᠧᠦ ᠶᠢᠨ ᠵᠢᠨᠵᠢᠶᠠᠩ ᠣᠯᠠᠨ ᠤᠯᠤᠰ ᠤᠨ ᠬᠠᠭᠤᠷᠠᠢ ᠶᠢᠨ ᠭᠠᠷᠠᠮ ᠳᠤ ᠬᠦᠷᠴᠦ᠂ ︽ | ᠬᠤᠣᠰ ᠬᠢᠯᠢ ᠶᠢᠨ ᠪᠣᠭᠤᠮᠲᠠ + ᠬᠤᠣᠰ ᠲᠠᠪᠴᠠᠩ︾ ᠢᠶᠠᠷ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ | ᠦᠢᠯᠡᠴᠢᠯᠡᠵᠦ ᠪᠠᠶᠢᠭ᠎ᠠ ᠪᠠᠶᠢᠳᠠᠯ ᠢ ᠣᠶᠢᠯᠠᠭᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ | | ᠴᠢᠤᠸᠠᠨᠵᠧᠦ ᠳᠤ᠂ ᠯᠢ ᠴᠢᠶᠠᠩ ᠠᠨ ᠲᠠ ᠪᠦᠯᠦᠭᠯᠡᠯ ᠳᠤ ᠢᠷᠡᠵᠦ᠂ ᠠᠵᠤ ᠠᠬᠤᠶᠢᠯᠠᠯ ᠤᠨ ᠳᠣᠲᠣᠭᠠᠳᠤ | ᠭᠠᠳᠠᠭᠠᠳᠤ ᠠᠷᠠᠯᠵᠢᠶᠠᠨ ᠤ ᠪᠠᠶᠢᠷᠢᠰᠢᠭᠤᠯᠤᠯᠲᠠ᠂ ᠨᠡᠷᠡᠳᠦ ᠲᠡᠮᠳᠡᠭ ᠤᠨ ᠡᠵᠡᠩᠨᠡᠯᠲᠡ ᠪᠣᠷᠤᠯᠠᠭᠤᠯᠭ᠎ᠠ ᠵᠡᠷᠭᠡ ᠶᠢᠨ | ᠲᠠᠨᠢᠯᠴᠠᠭᠤᠯᠭ᠎ᠠ ᠶᠢ ᠰᠣᠨᠣᠰᠴᠤ᠂ ᠳᠡᠳᠡᠨ ᠤ ᠰᠢᠨ᠎ᠡ ᠡᠭᠦᠳᠦᠯᠲᠡ ᠲᠠᠢ ᠬᠥᠭᠵᠢᠯᠲᠡ ᠶᠢ ᠪᠠᠷᠢᠮᠲᠠᠯᠠᠭᠰᠠᠨ ᠪᠠ ᠨᠡᠶᠢᠭᠡᠮ ᠤᠨ | ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠮᠠᠭᠲᠠᠨ ᠰᠠᠶᠢᠰᠢᠶᠠᠪᠠ᠃ ᠲᠡᠷᠡ ᠵᠢᠭᠠᠵᠤ ᠭᠠᠷᠭᠠᠬᠤ ᠳᠤ ᠪᠠᠨ᠂ ᠭᠠᠳᠠᠭᠠᠳᠤ | ᠣᠷᠴᠢᠨ ᠨᠥᠬᠦᠴᠡᠯ ᠤᠨ ᠬᠤᠪᠢᠷᠠᠯᠲᠠ ᠶᠢᠨ ᠡᠮᠦᠨ᠎ᠡ᠂ ᠰᠤᠳᠤᠯᠤᠨ ᠨᠡᠭᠡᠭᠡᠯᠲᠡ ᠶᠢᠨ ᠪᠡᠯᠡ ᠣᠷᠣᠭᠤᠯᠤᠯᠲᠠ᠂ ᠨᠡᠷᠡᠲᠦ | ᠲᠡᠮᠳᠡᠭ ᠢ ᠬᠦᠴᠦᠷᠬᠡᠭᠵᠢᠭᠦᠯᠬᠦ ᠵᠡᠷᠭᠡ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠨᠡᠩ ᠰᠠᠶᠢᠨ ᠦᠢᠯᠡᠳᠬᠦᠨ ᠢᠶᠠᠷ ᠵᠠᠬ᠎ᠠ | ᠳᠡᠯᠭᠡᠭᠦᠷ ᠤᠨ ᠲᠠᠭᠠᠰᠢᠶᠠᠯ ᠢ ᠣᠯᠬᠤ ᠶᠢᠨ ᠬᠠᠮᠲᠤ ᠲᠣᠯᠣᠭᠠᠶᠢᠯᠠᠭᠴᠢ ᠠᠵᠤ ᠠᠬᠤᠶᠢᠯᠠᠯ ᠪᠠ ᠠᠵᠢᠯ ᠲᠦᠷᠦᠯ ᠤᠨ | ᠨᠡᠶᠢᠭᠡᠮᠯᠢᠭ ᠤᠨ ᠦᠢᠯᠡᠳᠦᠯ ᠢ ᠪᠠᠳᠠᠷᠠᠭᠤᠯᠵᠤ᠂ ᠠᠵᠢᠯ ᠲᠦᠷᠦᠯ ᠤᠨ ᠡᠮᠬᠢ ᠳᠢᠭᠯᠢᠮ ᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ ᠭᠡᠵᠡᠢ᠃ ᠵᠢᠨᠵᠢᠶᠠᠩ ᠤᠯᠠᠨ ᠤᠯᠤᠰ ᠤᠨ ᠬᠠᠭᠤᠷᠠᠢ ᠶᠢᠨ ᠭᠠᠷᠠᠮ ᠪᠣᠯ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠪᠠᠶᠢᠭᠤᠯᠤᠨ ᠡᠵᠡᠩᠨᠡᠵᠦ ᠪᠠᠶᠢᠭ᠎ᠠ ᠭᠠᠳᠠᠭᠠᠳᠤ ᠠᠷᠠᠯᠵᠢᠶᠠᠨ ᠤ ᠦᠢᠯᠡᠴᠢᠯᠡᠭᠡᠨ ᠤ ᠲᠠᠪᠴᠠᠩ ᠪᠣᠯᠣᠨ᠎ᠠ᠂ ᠯᠢ | ᠴᠢᠶᠠᠩ ᠠᠳᠡ ᠢᠷᠡᠵᠦ᠂ ︽ᠬᠤᠣᠰ ᠬᠢᠯᠢ ᠶᠢᠨ ᠪᠣᠭᠤᠮᠲᠠ + ᠬᠤᠣᠰ ᠲᠠᠪᠴᠠᠩ︾ ᠢᠶᠠᠷ ᠭᠠᠳᠠᠭᠠᠳᠤ ᠠᠷᠠᠯᠵᠢᠶᠠᠨ ᠤ | ᠠᠵᠤ ᠠᠬᠤᠶᠢᠯᠠᠯ ᠳᠤ ᠦᠢᠯᠡᠴᠢᠯᠡᠵᠦ ᠪᠠᠶᠢᠬᠤ ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠬᠠᠭᠤᠷᠠᠢ ᠶᠢᠨ ᠭᠠᠷᠠᠮ ᠤᠨ ᠪᠦᠬᠦ | ᠬᠡᠯᠬᠢᠶᠡᠨ ᠤ ᠦᠢᠯᠡᠴᠢᠯᠡᠭᠡᠨ ᠤ ᠴᠢᠳᠠᠪᠬᠢ ᠶᠢ ᠴᠢᠨᠠᠭᠰᠢᠳᠠ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠠᠷᠭ᠎ᠠ ᠬᠡᠯᠪᠡᠷᠢ ᠶᠢ | ᠰᠢᠯᠢᠳᠡᠭᠵᠢᠭᠦᠯᠵᠦ᠂ ᠪᠣᠭᠤᠮᠲᠠ ᠪᠠᠷ ᠣᠷᠣᠭᠤᠯᠵᠤ ᠭᠠᠷᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠠᠳᠠᠭᠠᠳᠤ | ᠠᠷᠠᠯᠵᠢᠶᠠᠨ ᠤ ᠠᠵᠤ ᠠᠬᠤᠶᠢᠯᠠᠯ ᠳᠤ ᠨᠡᠩ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠪᠡ᠃ ᠱᠢ ᠱᠢ | ᠬᠤᠳᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠥᠪ ᠲᠤ᠂ ᠯᠢ | ᠴᠢᠶᠠᠩ ᠨᠡᠪᠴᠢᠭᠦᠯᠬᠦ ᠠᠵᠤ ᠠᠬᠤᠶᠢᠯᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠵᠡᠷᠭᠡ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠵᠠᠯᠠᠭᠤ ᠦᠢᠯᠡᠰ ᠪᠣᠰᠬᠠᠭᠴᠢᠳ ᠯᠤᠭ᠎ᠠ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ | ᠵᠢᠭᠠᠵᠤ ᠭᠠᠷᠭᠠᠬᠤ ᠳᠤ ᠪᠠᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠡᠷᠡᠭᠴᠡᠭᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠲᠥᠪᠯᠡᠷᠡᠩᠭᠦᠢ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠵᠤ᠂ ᠣᠷᠣᠵᠤ ᠰᠠᠭᠤᠭᠰᠠᠨ ᠠᠵᠤ | ᠠᠬᠤᠶᠢᠯᠠᠯ ᠤᠨ ᠬᠤᠷᠰᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠵᠤ᠂ ᠡᠮᠬᠢ ᠵᠢᠷᠤᠮ ᠦᠭᠡᠢ | ᠥᠷᠢᠰᠦᠯᠳᠦᠬᠦ ᠣᠨᠴᠠᠭᠠᠶᠢᠯᠠᠨ ᠠᠳᠠᠯᠢ ᠴᠢᠨᠠᠷ ᠲᠠᠢ ᠠᠲᠠᠯ᠎ᠠ ᠪᠠᠨ ᠳᠣᠣᠷ᠎ᠠ ᠦᠨ᠎ᠡ ᠬᠠᠶᠠᠵᠤ ᠥᠷᠢᠰᠦᠯᠳᠦᠬᠦ ᠶᠢ ᠡᠰᠡᠷᠭᠦᠴᠡᠬᠦ | ᠬᠡᠷᠡᠭᠲᠡᠢ ᠭᠡᠵᠡᠢ᠃ | | | | | | 3 ᠳ᠋ᠤᠭᠠᠷ ᠰᠠᠷ᠎ᠠ ᠶᠢᠨ 18 ᠠᠴᠠ 20 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ | ᠶᠡᠷᠦᠩᠬᠡᠢ ᠰᠠᠶᠢᠳ ᠯᠢ ᠴᠢᠶᠠᠩ ᠹᠦᠵᠢᠶᠠᠨ ᠳᠤ ᠪᠠᠶᠢᠴᠠᠭᠠᠨ ᠰᠤᠳᠤᠯᠤᠯᠲᠠ ᠬᠢᠪᠡ᠃ ᠡᠨᠡ ᠪᠣᠯ 3 ᠳ᠋ᠤᠭᠠᠷ ᠰᠠᠷ᠎ᠠ ᠶᠢᠨ | 19 ᠤ ᠡᠳᠦᠷ᠂ ᠯᠢ ᠴᠢᠶᠠᠩ ᠰᠢᠶᠠᠮᠧᠨ ᠤ ᠲᠠᠢ ᠭᠦ᠋ ᠨᠢᠰᠬᠡᠯ ᠤᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠳᠤ ᠳᠤᠮᠳᠠᠳᠤ | ᠤᠯᠤᠰ ︵ᠹᠦᠵᠢᠶᠠᠨ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠰᠢᠶᠠᠮᠧᠨ ᠤ ᠬᠡᠰᠡᠭ ᠲᠠᠬᠢ ᠬᠤᠯᠪᠣᠭᠳᠠᠯ | ᠪᠦᠬᠦᠢ ᠪᠠᠶᠢᠳᠠᠯ ᠢ ᠣᠶᠢᠯᠠᠭᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ | | ᠰᠢᠶᠠᠮᠧᠨ ᠳᠤ᠂ ᠯᠢ ᠴᠢᠶᠠᠩ ᠰᠢᠶᠠᠮᠧᠨ ᠤ ᠲᠠᠢ ᠭᠦ᠋ ᠨᠢᠰᠬᠡᠯ ᠤᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠳᠤ | ᠬᠦᠷᠴᠦ᠂ ᠰᠡᠯᠪᠢᠨ ᠵᠠᠰᠠᠬᠤ ᠲᠤᠬᠠᠶᠢᠯᠠᠭᠰᠠᠨ ᠠᠵᠢᠯ ᠤᠨ ᠬᠥᠭᠵᠢᠯᠲᠡ᠂ ᠬᠢᠯᠢ ᠶᠢᠨ ᠭᠠᠳᠠᠨᠠᠬᠢ ᠵᠠᠬᠢᠶᠠᠯᠠᠭ᠎ᠠ ᠵᠡᠷᠭᠡ ᠶᠢᠨ | ᠲᠠᠨᠢᠯᠴᠠᠭᠤᠯᠭ᠎ᠠ ᠶᠢ ᠰᠣᠨᠣᠰᠴᠤ᠂ ᠨᠢᠰᠬᠡᠯ ᠰᠡᠯᠪᠢᠨ ᠵᠠᠰᠠᠵᠤ ᠪᠠᠶᠢᠭ᠎ᠠ ᠪᠠᠶᠢᠳᠠᠯ ᠢ ᠪᠠᠶᠢᠴᠠᠭᠠᠨ ᠦᠵᠡᠪᠡ᠃ ᠯᠢ ᠴᠢᠶᠠᠩ | ᠵᠢᠭᠠᠵᠤ ᠭᠠᠷᠭᠠᠬᠤ ᠳᠤ ᠪᠠᠨ᠂ ᠦᠢᠯᠡᠴᠢᠯᠡᠭᠡᠨ ᠤ ᠠᠷᠠᠯᠵᠢᠶ᠎ᠠ ᠨᠢ ᠡᠳᠦᠷ ᠢᠷᠡᠬᠦᠶ᠎ᠡ ᠭᠠᠳᠠᠭᠠᠳᠤ ᠠᠷᠠᠯᠵᠢᠶᠠᠨ ᠤ | ᠬᠥᠭᠵᠢᠯᠲᠡ ᠶᠢᠨ ᠰᠢᠨ᠎ᠡ ᠬᠥᠳᠡᠯᠭᠡᠭᠦᠷ ᠪᠣᠯᠵᠤ ᠪᠠᠶᠢᠨ᠎ᠠ᠂ ᠳᠤᠮᠳᠠᠳᠤ ᠤᠯᠤᠰ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ | ᠤᠯᠠᠮ ᠨᠢᠭᠡ ᠠᠯᠬᠤᠮ ᠥᠷᠭᠡᠳᠬᠡᠵᠦ᠂ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ | ᠯᠦᠭᠡ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠦᠢᠯᠡᠳᠦᠯ ᠢᠶᠠᠨ | ᠰᠠᠶᠢᠲᠤᠷ ᠪᠠᠳᠠᠷᠠᠭᠤᠯᠵᠤ᠂ ᠦᠢᠯᠡᠴᠢᠯᠡᠭᠡᠨ ᠤ ᠠᠷᠠᠯᠵᠢᠶᠠᠨ ᠤ ᠬᠥᠭᠵᠢᠯᠲᠡ ᠶᠢᠨ ᠳᠠᠯᠳᠠ ᠬᠦᠴᠦᠨ ᠢᠶᠠᠨ ᠦᠷᠭᠦᠯᠵᠢᠯᠡᠨ | ᠪᠠᠳᠠᠷᠠᠭᠤᠯᠤᠨ᠎ᠠ᠃ ᠪᠡᠯᠡ ᠮᠥᠩᠭᠦ ᠶᠢ ᠣᠷᠣᠭᠤᠯᠤᠨ ᠠᠪᠴᠢᠷᠠᠬᠤ ᠪᠠ ᠲᠣᠭᠲᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ | ᠨᠡᠩ ᠰᠢᠯᠢᠳᠡᠭ ᠰᠠᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠤᠢ ᠪᠣᠯᠭᠠᠵᠤ᠂ ᠭᠠᠳᠠᠭᠠᠳᠤ ᠪᠡᠯᠡ ᠶᠢᠨ | ᠠᠵᠤ ᠠᠬᠤᠶᠢᠯᠠᠯ ᠤᠨ ᠬᠥᠭᠵᠢᠯᠲᠡ ᠶᠢ ᠨᠡᠩ ᠰᠠᠶᠢᠲᠤᠷ ᠳᠡᠮᠵᠢᠨ᠎ᠡ ᠭᠡᠵᠡᠢ᠃ ᠮᠧᠢ ᠲᠦ᠋ ᠰᠦᠯᠵᠢᠶᠡᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠯᠢ ᠴᠢᠶᠠᠩ ᠠᠵᠤ ᠠᠬᠤᠶᠢᠯᠠᠯ ᠤᠨ ᠪᠠᠶᠢᠭᠤᠯᠤᠭᠳᠠᠵᠤ | ᠬᠥᠭᠵᠢᠭᠰᠡᠨ ᠪᠠᠶᠢᠳᠠᠯ ᠢ ᠣᠶᠢᠯᠠᠭᠠᠵᠤ᠂ ᠳᠦᠷᠰᠦ ᠰᠢᠩᠭᠡᠭᠡᠯᠲᠡ ᠶᠢᠨ ᠵᠥᠭᠡᠯᠡᠨ ᠬᠡᠷᠡᠭᠰᠡᠯ ᠤᠨ ᠬᠡᠷᠡᠭᠯᠡᠯᠲᠡ ᠶᠢᠨ | ᠦᠵᠡᠭᠦᠯᠭᠡ ᠶᠢ ᠰᠣᠨᠢᠷᠬᠠᠵᠤ᠂ ᠰᠤᠳᠤᠯᠤᠨ ᠨᠡᠭᠡᠭᠡᠭᠰᠡᠨ ᠠᠵᠢᠯᠲᠠᠳ ᠯᠤᠭ᠎ᠠ ᠶᠠᠷᠢᠯᠴᠠᠭᠰᠠᠨ ᠪᠥᠭᠡᠳ ᠲᠡᠳᠡᠨ ᠤ ᠦᠢᠯᠡᠰ | ᠪᠣᠰᠬᠠᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢᠶᠠᠨ ᠪᠠᠲᠤᠯᠠᠨ᠂ ︽ᠵᠣᠬᠢᠶᠠᠮᠠᠯ ᠤᠶᠤᠨ +︾ ᠠᠵᠢᠯᠯᠠᠭᠠᠨ ᠢ | ᠢᠳᠡᠪᠬᠢᠲᠡᠢ ᠬᠡᠷᠡᠭᠵᠢᠭᠦᠯᠵᠦ᠂ ᠬᠡᠷᠡᠭᠯᠡᠯᠲᠡ ᠶᠢᠨ ᠡᠯᠪᠡᠭ ᠪᠠᠶᠠᠯᠢᠭ ᠲᠠᠯᠠᠪᠤᠷ ᠲᠤ ᠲᠦᠰᠢᠭᠯᠡᠨ ᠦᠢᠯᠡᠳᠬᠦᠨ ᠤ ᠳᠠᠪᠲᠠᠯᠳᠤᠨ | ᠲᠡᠰ ᠳᠡᠪᠰᠢᠬᠦ ᠶᠢ ᠠᠬᠢᠭᠤᠯᠵᠤ᠂ ᠮᠡᠷᠭᠡᠵᠢᠯ ᠤᠨ ᠰᠢᠨ᠎ᠡ ᠡᠭᠦᠳᠦᠯᠲᠡ ᠪᠠᠷ ᠬᠡᠷᠡᠭᠯᠡᠭᠴᠢᠳ ᠤᠨ ᠣᠶᠢᠯᠠᠭᠠᠯᠲᠠ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠩ ᠤᠯᠠᠨ ᠠᠵᠢᠯ ᠲᠦᠷᠦᠯ ᠳᠤ ᠬᠦᠴᠦᠨ ᠨᠡᠮᠡᠷᠢᠯᠡᠬᠦ ᠶᠢ ᠨᠢ ᠵᠣᠷᠢᠭᠵᠢᠭᠤᠯᠪᠠ᠃ | ᠪᠠᠶᠢᠴᠠᠭᠠᠨ ᠰᠤᠳᠤᠯᠤᠯᠲᠠ ᠳᠤᠮᠳᠠ᠂ ᠯᠢ ᠴᠢᠶᠠᠩ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠶᠠᠷᠢᠯᠴᠠᠬᠤ | ᠬᠤᠷᠠᠯ ᠢ ᠡᠷᠭᠢᠯᠡᠨ ᠬᠤᠷᠠᠯᠳᠤᠭᠤᠯᠪᠠ᠃ 8 ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠶᠠᠷᠢᠶ᠎ᠠ ᠶᠢ ᠰᠣᠨᠣᠰᠤᠭᠰᠠᠨ ᠤ | ᠲᠠᠷᠠᠭ᠎ᠠ᠂ ᠯᠢ ᠴᠢᠶᠠᠩ᠂ ᠣᠳᠣᠬᠠᠨ ᠤ ᠭᠠᠳᠠᠭᠠᠳᠤ ᠠᠷᠠᠯᠵᠢᠶᠠᠨ ᠤ ᠪᠠᠶᠢᠳᠠᠯ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ | ᠪᠠᠶᠢᠨ᠎ᠠ᠂ ᠨᠡᠭᠡᠭᠡᠯᠲᠡ ᠬᠢᠬᠦ ᠪᠠᠨ ᠡᠷᠡᠰ ᠭᠤᠶᠢᠪᠢᠰᠢ ᠦᠭᠡᠢ ᠥᠷᠭᠡᠳᠬᠡᠵᠦ᠂ ᠪᠦᠬᠦ ᠪᠥᠮᠪᠥᠷᠴᠡᠭ ᠢ ᠪᠠᠷᠠᠯᠠᠨ᠂ ᠠᠵᠠ | ᠲᠣᠬᠢᠶᠠᠯ ᠢ ᠠᠮᠵᠢᠵᠤ᠂ ᠪᠦᠯᠬᠦᠮᠳᠡᠵᠦ ᠪᠠᠶᠢᠭᠠᠳ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ᠂ ᠰᠠᠭᠠᠳ ᠲᠣᠳᠬᠠᠷ ᠢ | ᠲᠤᠭᠤᠯᠬᠤ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠯᠠᠨ ᠡᠰᠢᠴᠢᠯᠡᠭᠰᠡᠨ ᠵᠠᠬ᠎ᠠ ᠳᠡᠯᠭᠡᠭᠦᠷ ᠢ | ᠶᠡᠭᠡ ᠪᠠᠷ ᠨᠡᠭᠡᠭᠡᠵᠦ᠂ ᠠᠷᠠᠯᠵᠢᠶᠠᠨ ᠤ ᠠᠷᠭ᠎ᠠ ᠵᠠᠮ ᠠᠷᠭ᠎ᠠ ᠮᠠᠶ᠋ᠢᠭ ᠲᠤ ᠪᠠᠨ ᠢᠳᠡᠪᠬᠢᠲᠡᠢ ᠪᠠᠷ ᠰᠢᠨ᠎ᠡ ᠶᠢ ᠡᠭᠦᠳᠴᠦ᠂ | ᠦᠢᠯᠡᠳᠬᠦᠨ ᠤ ᠥᠷᠢᠰᠦᠯᠳᠦᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ | ᠴᠣᠭᠴᠠᠵᠢᠭᠤᠯᠤᠨ ᠬᠥᠭᠵᠢᠭᠦᠯᠬᠦ ᠪᠠᠨ ᠲᠦᠷᠭᠡᠳᠬᠡᠬᠦ ᠬᠡᠷᠡᠭᠲᠡᠢ ᠭᠡᠵᠡᠢ᠃ ᠯᠢ ᠴᠢᠶᠠᠩ ᠵᠢᠭᠠᠵᠤ ᠭᠠᠷᠭᠠᠬᠤ ᠳᠤ ᠪᠠᠨ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯ ᠮᠠᠨ ᠤ ᠤᠯᠤᠰ ᠤᠨ ᠭᠠᠳᠠᠭᠠᠳᠤ ᠠᠷᠠᠯᠵᠢᠶᠠᠨ ᠤ ᠨᠢᠭᠡᠳᠦᠭᠡᠷ ᠲᠣᠮᠣ | ᠭᠤᠣᠯ ᠴᠣᠭᠴᠠ ᠮᠥᠨ᠃ ᠡᠯ᠎ᠡ ᠱᠠᠲᠤᠨ ᠤ ᠵᠠᠰᠠᠭ ᠤᠨ ᠣᠷᠳᠣᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠳᠤ ᠨᠡᠩ ᠰᠠᠶᠢᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠬᠥᠭᠵᠢᠯᠲᠡ ᠶᠢᠨ ᠣᠷᠴᠢᠨ | ᠨᠥᠬᠦᠴᠡᠯ ᠢ ᠴᠢᠷᠮᠠᠶᠢᠨ ᠬᠠᠩᠭᠠᠵᠤ ᠥᠭᠬᠦ ᠬᠡᠷᠡᠭᠲᠡᠢ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠳ ︽ᠴᠢᠷᠮᠠᠶᠢᠨ ᠲᠡᠮᠡᠴᠡᠪᠡᠯ ᠰᠠᠶ᠋ᠢ ᠢᠯᠠᠯᠲᠠ ᠣᠯᠣᠨ᠎ᠠ︾ ᠬᠡᠮᠡᠬᠦ ᠴᠤᠭ ᠵᠢᠪᠬᠤᠭ᠎ᠠ ᠪᠠᠨ ᠪᠠᠳᠠᠷᠠᠭᠤᠯᠵᠤ᠂ | ᠥᠪᠡᠷ ᠤᠨ ᠨᠡᠩ ᠶᠡᠭᠡ ᠬᠥᠭᠵᠢᠯᠲᠡ ᠪᠠᠨ ᠪᠡᠶᠡᠯᠡᠭᠦᠯᠬᠦ ᠶᠢᠨ ᠬᠠᠮᠲᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠲᠤ ᠨᠡᠩ ᠶᠡᠭᠡ ᠬᠤᠪᠢ ᠨᠡᠮᠡᠷᠢ | ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃ | ᠦ᠋ ᠵᠧᠩ ᠯᠦᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ |