ᠢᠦᠶ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠤᠨ ᠰᠣᠷᠢᠯᠲᠠ ᠬᠢᠪᠡ
ᠨᠡᠶᠢᠲᠡᠯᠡᠭᠰᠡᠨ ᠴᠠᠭ᠄
2025/3/24
     ᠬᠠᠷᠢᠶᠠᠲᠤ ᠣᠷᠣᠨ ᠤ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠪᠠ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠦᠯᠦᠭᠡ᠂ ᠤᠢᠢᠷ᠎ᠠ ᠶᠢᠨ ᠡᠳᠦᠷ᠂ ᠢᠦᠢ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠶᠢᠨ ᠬᠢᠨ ᠤᠷᠳᠤᠰ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠥᠷᠨᠢᠭᠦᠯᠵᠦ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ︵ᠲᠣᠰᠬᠤᠨ︶ ᠤᠨ ᠺᠠᠳ᠋ᠷ᠂ ᠦᠨᠳᠦᠰᠦᠨ ᠱᠠᠲᠤᠨ ᠤ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠳᠠᠨ ᠪᠣᠯᠤᠨ ᠡᠵᠡᠩᠨᠡᠯᠲᠡ ᠶᠢᠨ ᠲᠠᠯᠠᠪᠤᠷ ᠤᠨ ᠬᠠᠷᠢᠭᠤᠴᠠᠯᠭᠠᠲᠠᠨ ᠳᠤ ᠨᠢᠭᠡᠨ ᠠᠮᠢᠳᠤᠯᠢᠭ ᠪᠥᠭᠡᠳ ᠬᠡᠷᠡᠭᠯᠡᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠢᠴᠢᠶᠡᠯ ᠬᠦᠷᠭᠡᠪᠡ᠃
     ᠪᠣᠯᠪᠠᠰᠤᠷᠠᠯ ᠡᠬᠢᠯᠡᠮᠡᠭᠴᠡ᠂ ᠶᠡᠭᠡ ᠠᠩᠬᠢ ᠶᠢᠨ ᠭᠠᠯ ᠤᠨᠲᠠᠷᠠᠭᠠᠬᠤ ᠤᠬᠠᠭᠤᠯᠤᠭᠴᠢ ᠪᠣᠯᠪᠠᠰᠤᠷᠠᠯ ᠳᠤ ᠣᠷᠣᠯᠴᠠᠭᠰᠠᠨ ᠪᠦᠬᠦ ᠬᠥᠮᠦᠰ ᠢ ᠵᠣᠬᠢᠶᠠᠨ ᠪᠠᠶᠢᠭᠤᠯᠤᠨ ᠭᠠᠯ ᠤᠨ ᠭᠠᠮᠰᠢᠭ ᠤᠨ ᠰᠡᠷᠡᠮᠵᠢ ᠶᠢᠨ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠭᠦᠯᠪᠡ᠃ ᠬᠥᠮᠦᠨ ᠢ ᠰᠣᠴᠢᠭᠠᠮ᠎ᠠ ᠭᠠᠯ ᠭᠠᠷᠤᠭᠰᠠᠨ ᠲᠤᠬᠠᠶ ᠶᠢᠨ ᠭᠠᠵᠠᠷ᠂ ᠬᠠᠷᠠᠰᠠᠯᠲᠤ ᠠᠳᠡᠯ ᠤᠨ ᠰᠤᠷᠭᠠᠮᠵᠢ ᠨᠢ ᠭᠠᠯ ᠤᠨ ᠭᠠᠮᠰᠢᠭ ᠤᠨ ᠳᠠᠯᠳᠠ ᠬᠡᠮ ᠤᠨ ᠬᠦᠨᠳᠦ ᠨᠣᠴᠢᠲᠠᠶ ᠬᠥᠨᠥᠭᠡᠯ ᠢ ᠭᠦᠨᠵᠡᠭᠡᠶ ᠢᠯᠡᠷᠡᠭᠦᠯᠵᠦ᠂ ᠲᠤᠬᠠᠶ ᠶᠢᠨ ᠲᠠᠯᠠᠪᠤᠷ ᠲᠤ ᠪᠠᠶᠢᠭᠰᠠᠨ ᠬᠥᠮᠦᠰ ᠲᠤ ᠭᠠᠯ ᠤᠨᠲᠠᠷᠠᠭᠠᠬᠤ ᠠᠮᠤᠷ ᠲᠦᠪᠰᠢᠨ ᠤ ᠰᠡᠷᠡᠮᠵᠢ ᠶᠢᠨ ᠳᠣᠬᠢᠶ᠎ᠠ ᠶᠢ ᠳᠤᠤᠭᠠᠷᠭᠠᠪᠠ᠃ ᠡᠭᠦᠨ ᠤ ᠲᠠᠷᠠᠭ᠎ᠠ᠂ ᠭᠠᠯ ᠤᠨᠲᠠᠷᠠᠭᠠᠬᠤ ᠤᠬᠠᠭᠤᠯᠤᠭᠴᠢ ᠦᠢᠷ᠎ᠠ ᠶᠢᠨ ᠵᠢᠯ ᠳᠤ ᠭᠠᠷᠤᠭᠰᠠᠨ ᠨᠡᠶᠢᠲᠡᠯᠢᠭ ᠭᠠᠯ ᠤᠨ ᠭᠠᠮᠰᠢᠭ ᠤᠨ ᠵᠢᠱᠢᠶ᠎ᠡ ᠲᠠᠢ ᠤᠶᠠᠯᠳᠤᠭᠤᠯᠤᠨ ᠵᠡᠭᠡᠯᠢ ᠭᠤᠳᠤᠮᠵᠢ᠂ ᠨᠡᠶᠢᠭᠡᠮ ᠲᠣᠭᠤᠷᠢᠭ ︵ᠲᠣᠰᠬᠤᠨ︶ ᠲᠤ ᠪᠠᠶᠢᠩᠭᠤ ᠲᠣᠬᠢᠶᠠᠯᠳᠤᠳᠠᠭ ᠭᠠᠯ ᠤᠨᠲᠠᠷᠠᠭᠠᠬᠤ ᠠᠮᠤᠷ ᠲᠦᠪᠰᠢᠨ ᠤ ᠲᠠᠯᠳᠠ ᠬᠡᠮ ᠤᠨ ᠠᠰᠠᠭᠤᠳᠠᠯ ᠢ ᠭᠦᠨᠵᠡᠭᠡᠶ ᠵᠠᠳᠠᠯᠪᠠ᠂ ᠵᠢᠱᠢᠶᠡᠯᠡᠪᠡᠯ ᠲᠣᠭᠲᠠᠭᠠᠯ ᠠᠴᠠ ᠵᠥᠷᠢᠴᠡᠨ ᠬᠥᠮᠦᠨ ᠰᠠᠭᠤᠭᠰᠠᠨ᠂ ᠭᠠᠯ ᠢ ᠰᠡᠷᠭᠡᠶᠢᠯᠡᠬᠦ ᠠᠵᠢᠯ ᠤᠨ ᠵᠠᠭᠠᠭᠯᠠᠯ ᠢ ᠨᠠᠶᠢᠳᠠᠪᠤᠷᠢᠵᠢᠭᠤᠯᠤᠭᠰᠠᠨ ᠦᠭᠡᠢ᠂ ᠴᠠᠬᠢᠯᠭᠠᠨ ᠤ ᠱᠤᠭᠤᠮ ᠬᠠᠭᠤᠴᠢᠷᠠᠭᠰᠠᠨ᠂ ᠭᠠᠯ ᠤᠨᠲᠠᠷᠠᠭᠠᠬᠤ ᠵᠠᠮ ᠪᠥᠭᠯᠡᠷᠡᠭᠰᠡᠨ᠂ ᠲᠣᠭᠲᠠᠭᠠᠯ ᠠᠴᠠ ᠵᠥᠷᠢᠴᠡᠨ ᠴᠠᠬᠢᠯᠭᠠᠨ ᠬᠥᠳᠡᠯᠭᠡᠭᠦᠷᠲᠦ ᠲᠡᠷᠭᠡ ᠵᠣᠭᠰᠣᠭᠠᠭᠰᠠᠨ ᠵᠡᠷᠭᠡ ᠠᠰᠠᠭᠤᠳᠠᠯ ᠢ ᠭᠦᠨᠵᠡᠭᠡᠶ ᠵᠠᠳᠠᠯᠤᠭᠰᠠᠨ ᠤ ᠬᠠᠮᠲᠤ ᠴᠡᠭᠴᠡᠯᠡᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠶᠢ ᠬᠠᠨᠳᠤᠯᠭᠠᠲᠤ ᠴᠢᠨᠠᠷᠲᠠᠶ ᠪᠠᠷ ᠳᠤᠷᠠᠳᠤᠨ ᠭᠠᠷᠭᠠᠵᠠᠶ᠃
     ︽ᠭᠠᠯ ᠤᠨ ᠭᠠᠮᠰᠢᠭ ᠭᠠᠷᠬᠤ ᠦᠶ᠎ᠡ ᠳᠤ ᠬᠡᠷᠬᠢᠨ ᠲᠦᠭᠰᠢᠭᠦᠷᠢ ᠮᠡᠳᠡᠭᠦᠯᠬᠦ ᠪᠣᠢ︖ ᠬᠥᠮᠦᠰ ᠢ ᠬᠡᠷᠬᠢᠨ ᠵᠣᠬᠢᠶᠠᠨ ᠪᠠᠶᠢᠭᠤᠯᠵᠤ ᠲᠠᠷᠬᠠᠭᠠᠨ ᠵᠠᠶᠢᠯᠠᠭᠤᠯᠬᠤ ᠪᠣᠢ︖ ᠠᠩᠬᠠᠨ ᠤ ᠦᠶ᠎ᠡ ᠶᠢᠨ ᠭᠠᠯ ᠤᠨ ᠭᠠᠮᠰᠢᠭ ᠢ ᠬᠡᠷᠬᠢᠨ ᠤᠨᠲᠠᠷᠠᠭᠠᠬᠤ ᠪᠣᠢ︖︾ ᠡᠲᠡᠭᠡᠷ ᠠᠰᠠᠭᠤᠳᠠᠯ ᠳᠤ ᠴᠢᠭᠯᠡᠭᠦᠯᠦᠨ᠂ ᠶᠡᠭᠡ ᠠᠩᠭᠢ ᠶᠢᠨ ᠭᠠᠯ ᠤᠨᠲᠠᠷᠠᠭᠠᠬᠤ ᠤᠬᠠᠭᠤᠯᠤᠭᠴᠢ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ᠂ ᠭᠠᠯ ᠤᠨ ᠲᠠᠯᠠᠪᠠᠶ ᠠᠴᠠ ᠠᠮᠢ ᠵᠢᠭᠤᠲᠠᠵᠤ ᠥᠪᠡᠷ ᠢ ᠪᠠᠨ ᠠᠪᠤᠷᠬᠠᠤ᠂ ᠠᠩᠬᠠᠨ ᠤ ᠦᠶ᠎ᠡ ᠶᠢᠨ ᠭᠠᠯ ᠤᠨᠲᠠᠷᠠᠭᠠᠬᠤ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠨᠠᠷᠢᠨ ᠲᠠᠶᠢᠯᠪᠤᠷᠢᠯᠠᠭᠰᠠᠨ ᠪᠥᠭᠡᠳ ᠭᠠᠯ ᠤᠨᠲᠠᠷᠠᠭᠠᠭᠤᠷ᠂ ᠠᠮᠢ ᠵᠢᠭᠤᠲᠠᠬᠤ ᠪᠠᠭ ᠵᠡᠷᠭᠡ ᠦᠷᠭᠦᠯᠵᠢ ᠬᠠᠷᠠᠭᠳᠠᠳᠠᠭ ᠭᠠᠯ ᠤᠨᠲᠠᠷᠠᠭᠠᠬᠤ ᠲᠥᠬᠦᠭᠡᠷᠦᠮᠵᠢ ᠶᠢᠨ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠶᠢ ᠭᠤᠤᠯᠳᠠᠯᠭ᠎ᠠ ᠲᠠᠢ ᠲᠠᠨᠢᠯᠴᠠᠭᠤᠯᠤᠭᠰᠠᠨ ᠪᠠᠶᠢᠨ᠎ᠠ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号