ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠵᠠᠯᠠᠭᠤᠴᠤᠳ ᠪᠠᠭᠠᠴᠤᠳ ᠤᠨ ᠨᠠᠮ ᠢᠶᠠᠨ ᠬᠠᠶᠢᠷᠠᠯᠠᠵᠤ | ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠬᠤ ᠶᠢᠨ ᠲᠥᠯᠥᠭᠡ᠂ ᠲᠦᠷᠦᠭᠦᠬᠡᠨ᠂ ᠬᠤᠮᠰᠢᠮ | ᠪᠣᠳᠢᠰᠠᠳ᠋ᠸ᠎ᠠ ᠶᠢᠨ ᠰᠦᠮ᠎ᠡ ᠶᠢᠨ ᠨᠡᠶᠢᠭᠡᠮ ᠲᠣᠭᠤᠷᠢᠭ ︽︿ᠬᠡᠦᠬᠡᠳ﹀ ᠤᠷᠳᠤ ᠵᠠᠮ ᠤᠨ ᠠᠶᠠᠨ ᠲᠠᠶᠢᠨ ᠤ ᠵᠠᠮ ᠢᠶᠠᠷ | ᠵᠠᠮᠨᠠᠵᠤ ︿ᠬᠡᠦᠬᠡᠳ﹀ ᠤᠨ ᠰᠡᠳᠬᠢᠯ ᠢ ᠤᠮᠳᠠᠯᠠᠬᠤ︾ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠨᠠᠷᠢᠨ | ᠨᠢᠮᠪᠠᠢ ᠵᠣᠬᠢᠶᠠᠨ ᠪᠠᠶᠢᠭᠤᠯᠵᠤ᠂ ᠬᠤᠪᠢᠰᠬᠠᠯ ᠤᠨ ᠰᠣᠶᠣᠯ ᠢ ᠪᠡᠶᠡᠴᠢᠯᠡᠨ ᠣᠶᠢᠯᠠᠭᠠᠬᠤ ᠪᠠᠷ ᠳᠠᠮᠵᠢᠭᠤᠯᠵᠤ᠂ ᠬᠠᠷᠢᠶ᠎ᠠ | ᠣᠷᠣᠨ ᠤ ᠨᠠᠰᠤᠨ ᠳᠤ ᠦᠯᠦ ᠬᠦᠷᠦᠭᠰᠡᠳ ᠢ ᠬᠦᠳᠦᠯᠦᠨ ᠵᠢᠯᠣᠭᠤᠳᠴᠤ ᠤᠷᠳᠤ ᠵᠠᠮ ᠤᠨ ᠠᠶᠠᠨ ᠲᠠᠶᠢᠨ ᠤ ᠵᠣᠷᠢᠭ | ᠰᠠᠨᠠᠭ᠎ᠠ ᠶᠢ ᠣᠶᠢᠯᠠᠭᠠᠭᠤᠯᠵᠤ᠂ ᠬᠤᠪᠢᠰᠬᠠᠯ ᠤᠨ ᠤᠴᠢ ᠶᠢ ᠤᠯᠠᠮᠵᠢᠯᠠᠭᠤᠯᠪᠠ᠃ | | | | | ᠠᠵᠢᠯᠯᠠᠭ᠎ᠠ ᠨᠢ ︽ᠰᠢᠯᠦᠭ ᠳᠠᠭᠤᠯᠠᠯ ᠤᠨ ᠤᠷᠲᠤ ᠵᠠᠮ ᠤᠨ ᠠᠶᠠᠨ ᠲᠠᠶᠢᠨ︾ ᠤ ᠰᠣᠶᠣᠯ ᠤᠨ ᠬᠢᠴᠢᠶᠡᠯ ᠤᠨ | ᠲᠠᠩᠬᠢᠮ ᠢᠶᠠᠷ ᠡᠬᠢᠯᠡᠪᠡ᠃ ᠭᠤᠤᠯᠯᠠᠨ ᠶᠠᠷᠢᠭᠴᠢ ︽ᠲᠡᠦᠬᠡ ᠶᠢᠨ ᠲᠤᠭᠠᠴᠢᠯᠲᠠ + ᠰᠢᠯᠦᠭ ᠳᠠᠭᠤᠯᠠᠯ ᠤᠨ | ᠵᠠᠳᠠᠯᠤᠯᠲᠠ︾ ᠶᠢᠨ ᠰᠢᠨ᠎ᠡ ᠶᠢ ᠡᠭᠦᠳᠬᠦ ᠬᠡᠯᠪᠡᠷᠢ ᠶᠢ ᠠᠪᠴᠤ᠂ ᠤᠷᠳᠤ ᠵᠠᠮ ᠤᠨ ᠠᠶᠠᠨ ᠲᠠᠶᠢᠨ ᠤ ᠲᠡᠦᠬᠡᠨ ᠠᠬᠤᠶ | ᠪᠠᠶᠢᠳᠠᠯ ᠪᠣᠯᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠪᠠ᠃ ᠮᠠᠤ ᠽᠧ | ᠳ᠋ᠦᠩ ᠤᠨ ︽ᠲᠤᠯᠤᠭᠠᠨ ᠦᠭᠡ ᠶᠢᠨ ᠬᠡᠮᠵᠢᠶᠡᠲᠦ ᠰᠢᠯᠦᠭ · ᠣᠷᠳᠣ ᠵᠠᠮ ᠤᠨ ᠠᠶᠠᠨ ᠳᠠᠶᠢᠨ︾ ᠤ ᠵᠣᠬᠢᠶᠠᠨ | ᠪᠦᠲᠦᠭᠡᠭᠰᠡᠨ ᠥᠩᠭᠡᠷᠡᠯᠲᠡ ᠶᠢ ᠲᠠᠶᠢᠯᠪᠤᠷᠢᠯᠠᠬᠤ ᠪᠠᠷ ᠳᠠᠮᠵᠢᠭᠤᠯᠤᠨ᠂ ᠰᠣᠩᠭᠤᠳᠠᠭ ᠰᠢᠯᠦᠭ ᠤᠨ ᠰᠠᠨᠠᠭ᠎ᠠ | ᠳᠦᠷᠢ ᠶᠢᠨ ᠵᠠᠳᠠᠯᠤᠯᠲᠠ ᠲᠠᠢ ᠤᠶᠠᠯᠳᠤᠭᠤᠯᠵᠤ᠂ ᠤᠯᠠᠭᠠᠨ ᠴᠡᠷᠢᠭ ᠤᠨ ᠮᠢᠩᠭᠠᠨ ᠠᠭᠤᠯᠠ ᠲᠦᠮᠡᠨ ᠤᠰᠤ ᠶᠢ | ᠠᠯᠤᠰᠯᠠᠭᠰᠠᠨ ᠰᠦᠷ ᠵᠢᠪᠬᠤᠯᠠᠩᠲᠤ ᠠᠶᠠᠨ ᠵᠠᠮ ᠢ ᠠᠮᠢᠳᠤᠯᠢᠭ ᠲᠡᠦᠬᠡ ᠶᠢᠨ ᠵᠢᠷᠤᠭ ᠪᠣᠯᠭᠠᠨ ᠬᠤᠪᠢᠷᠠᠭᠤᠯᠵᠤ᠂ | ᠬᠡᠦᠬᠡᠳ ᠤᠳ ᠲᠤ ᠣᠷᠳᠣ ᠵᠠᠮ ᠤᠨ ᠠᠶᠠᠨ ᠲᠠᠶᠢᠨ ᠤ ᠵᠠᠮ ᠳᠤᠮᠳᠠᠬᠢ ᠬᠦᠴᠢᠷ ᠪᠡᠷᠬᠡᠰᠢᠶᠡᠯ ᠬᠠᠷᠰᠢ ᠰᠠᠭᠠᠳ ᠢ | ᠮᠡᠳᠡᠷᠡᠭᠦᠯᠬᠦ ᠮᠥᠷᠲᠡᠭᠡᠨ ᠪᠠᠰᠠ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠣᠮᠤᠭ ᠵᠣᠷᠢᠭ ᠢ ᠭᠦᠨᠵᠡᠭᠡᠢ | ᠣᠶᠢᠯᠠᠭᠠᠭᠤᠯᠪᠠ᠃ | | | | | ︽ᠤᠯᠠᠭᠠᠨ ᠴᠡᠷᠢᠭ ᠤᠨ ᠮᠠᠯᠠᠭᠠᠢ ᠦᠢᠯᠡᠳᠬᠦ︾ ᠦᠢᠯᠡᠳᠦᠯᠭᠡ ᠶᠢᠨ ᠭᠤᠭᠴᠤᠭ᠎ᠠ ᠳᠤ᠂ ᠬᠡᠦᠬᠡᠳ ᠤᠳ ︽ | ᠪᠢᠴᠢᠬᠠᠨ ᠤᠯᠠᠭᠠᠨ ᠴᠡᠷᠢᠭ ᠤᠨ ᠪᠠᠶᠢᠯᠳᠤᠭᠴᠢ︾ ᠪᠣᠯᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠪᠡᠯᠭᠡᠳᠡᠬᠦ | ᠤᠯᠠᠭᠠᠨ ᠴᠡᠷᠢᠭ ᠤᠨ ᠮᠠᠯᠠᠭᠠᠢ ᠶᠢ ᠭᠠᠷ ᠢᠶᠠᠷ ᠢᠶᠠᠨ ᠵᠣᠬᠢᠶᠠᠵᠠᠢ᠃ ᠠᠵᠢᠯᠲᠠᠳ ᠲᠤᠬᠠᠶ ᠶᠢᠨ ᠲᠠᠯᠠᠪᠤᠷ ᠲᠤ | ᠤᠯᠠᠮᠵᠢᠯᠠᠯᠲᠤ ᠨᠠᠢᠮᠠᠨ ᠲᠠᠯᠠᠲᠤ ᠮᠠᠯᠠᠭᠠᠢ ᠦᠢᠯᠡᠳᠬᠦ ᠤᠷᠠᠯᠠᠯ ᠢ ᠵᠢᠱᠢᠶ᠎ᠡ ᠦᠵᠡᠭᠦᠯᠵᠦ᠂ ᠬᠡᠤᠬᠡᠳ ᠤᠳ ᠲᠤ ᠪᠥᠰ | ᠡᠰᠬᠡᠬᠦ᠂ ᠲᠠᠪᠤᠯᠵᠢᠨ ᠣᠳᠣ ᠶᠢ ᠣᠶᠣᠵᠤ ᠦᠢᠯᠡᠳᠬᠦ ᠵᠡᠷᠭᠡ ᠠᠵᠢᠯ ᠤᠨ ᠶᠠᠪᠤᠴᠠ ᠶᠢ ᠵᠢᠯᠣᠭᠤᠳᠴᠠᠶ᠃ | ᠬᠤᠪᠢᠰᠬᠠᠯ ᠤᠨ ᠡᠷᠭᠢᠴᠡᠭᠦᠯᠦᠯ ᠢ ᠠᠴᠢᠶᠠᠯᠠᠵᠤ ᠪᠠᠶᠢᠭ᠎ᠠ ᠴᠡᠷᠢᠭ ᠤᠨ ᠮᠠᠯᠠᠭᠠᠢ ᠠᠭᠠᠵᠢᠮ ᠢᠶᠠᠷ ᠪᠦᠷᠢᠯᠳᠦᠬᠦ ᠦᠶ᠎ᠡ ᠳᠤ᠂ | ᠬᠡᠦᠬᠡᠳ ᠤᠳ ᠤᠯᠠᠭᠠᠨ ᠤᠳᠤᠲᠤ ᠮᠠᠯᠠᠭᠠᠢ ᠶᠢ ᠲᠥᠪ ᠬᠢᠴᠢᠶᠡᠩᠭᠦᠢ ᠪᠠᠷ ᠵᠡᠭᠦᠵᠦ᠂ ᠪᠤᠯᠪᠠᠷᠠᠢ ᠵᠥᠭᠡᠯᠡᠨ ᠪᠥᠭᠡᠳ | ᠡᠷᠡᠰ ᠪᠠᠲᠤ ᠲᠠᠭᠤᠨ ᠢᠶᠠᠷ ︽ᠨᠠᠮ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠤᠢ︾ | ᠭᠡᠬᠦ ᠡᠷᠡᠰ ᠪᠠᠲᠤ ᠲᠠᠩᠭᠠᠷᠢᠭ ᠬᠢᠪᠡ᠃ | | | | | ︽ᠡᠨᠡ ᠤᠳᠠᠭᠠᠨ ᠤ ᠠᠵᠢᠯᠯᠠᠭ᠎ᠠ ᠨᠢ ᠲᠡᠤᠬᠡ ᠶᠢᠨ ᠰᠤᠷᠭᠠᠨ ᠬᠥᠮᠦᠵᠢᠯ ᠤᠨ ᠬᠢᠴᠢᠶᠡᠯ ᠪᠣᠯᠬᠤ ᠪᠠᠷ ᠪᠠᠷᠠᠬᠤ | ᠥᠬᠡᠶ᠂ ᠨᠠᠩ ᠴᠤ ᠣᠶᠤᠨ ᠰᠠᠨᠠᠭᠠᠨ ᠤ ᠤᠯᠠᠮᠵᠢᠯᠠᠯ ᠤᠨ ᠬᠢᠴᠢᠶᠡᠯ ᠪᠣᠯᠤᠨ᠎ᠠ︾ ᠭᠡᠵᠦ ᠨᠡᠶᠢᠭᠡᠮ ᠲᠣᠭᠤᠷᠢᠭ ᠤᠨ | ᠬᠠᠷᠢᠭᠤᠴᠠᠯᠭᠠᠲᠠᠨ ᠲᠠᠨᠢᠯᠴᠠᠭᠤᠯᠪᠠ᠂ ᠠᠵᠢᠯᠯᠠᠭ᠎ᠠ ᠨᠢ ︽ᠤᠨᠤᠯ + ᠦᠢᠯᠡᠳᠦᠯᠭᠡ︾ ᠶᠢᠨ ᠬᠤᠣᠰ ᠵᠠᠮ ᠤᠨ ᠵᠢᠭᠠᠨ | ᠰᠤᠷᠭᠠᠯᠲᠠ ᠶᠢᠨ ᠵᠠᠭᠪᠤᠷ ᠢᠶᠠᠷ ᠳᠠᠮᠵᠢᠭᠤᠯᠵᠤ᠂ ᠤᠷᠳᠤ ᠵᠠᠮ ᠤᠨ ᠠᠶᠠᠨ ᠲᠠᠶᠢᠨ ᠤ ᠵᠣᠷᠢᠭ ᠰᠠᠨᠠᠭ᠎ᠠ ᠶᠢᠨ ᠳᠤᠮᠳᠠᠬᠢ | ᠨᠤᠭᠤᠷᠠᠰᠢ ᠦᠭᠡᠢ ᠡᠷᠡᠰ ᠪᠠᠲᠤ ᠢᠲᠡᠭᠡᠯ ᠵᠣᠷᠢᠭ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ ᠲᠡᠮᠡᠴᠡᠯ ᠤᠨ ᠵᠠᠩ | ᠰᠤᠷᠲᠠᠯ᠂ ᠪᠦᠯᠬᠦᠮᠳᠡᠨ ᠬᠠᠮᠵᠢᠯᠴᠠᠬᠤ ᠶᠡᠭᠡ ᠲᠠᠯ᠎ᠠ ᠶᠢᠨ ᠤᠬᠠᠮᠰᠠᠷ ᠵᠡᠷᠭᠡ ᠭᠤᠣᠯ ᠠᠭᠤᠯᠤᠭᠳᠠᠬᠤᠨ ᠢ | ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠃ ᠤᠯᠠᠭᠠᠨ ᠴᠡᠷᠢᠭ ᠤᠨ ᡂᠢ ᠱᠦᠢ ᠶᠢ ᠳᠦᠷᠪᠠᠨᠲᠡ ᠭᠠᠲᠤᠯᠠᠭᠰᠠᠨ᠂ | ᠯᠦ ᠳ᠋ᠢᠩ ᠴᠢᠶᠤᠤ ᠬᠥᠭᠦᠷᠭᠡ ᠶᠢ ᠪᠤᠯᠢᠶᠠᠭᠰᠠᠨ ᠵᠡᠷᠭᠡ ᠰᠣᠩᠭᠤᠳᠠᠭ ᠪᠠᠶᠢᠯᠳᠤᠭᠠᠨ ᠤ ᠪᠠᠶᠢᠳᠠᠯ ᠢ ᠠᠰᠢᠭᠯᠠᠨ | ᠦᠵᠡᠭᠳᠡᠯ ᠢ ᠳᠠᠬᠢᠨ ᠢᠯᠡᠷᠡᠭᠦᠯᠵᠦ᠂ ᠬᠤᠪᠢᠰᠬᠠᠯ ᠤᠨ ᠤᠳᠤᠮᠰᠢᠯ ᠢ ᠵᠤᠭ᠎ᠠ ᠴᠡᠩᠬᠡᠯ ᠲᠠᠢ ᠬᠦᠮᠦᠵᠢᠯ ᠬᠦᠷᠲᠡᠭᠡᠬᠦ | ᠳᠤᠮᠳᠠ ᠬᠡᠦᠬᠡᠳ ᠤᠨ ᠰᠡᠳᠬᠢᠯ ᠳᠤ ᠬᠠᠳᠠᠩᠰᠢᠭᠤᠯᠪᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |