︵ᠰᠤᠷᠪᠤᠯᠵᠢᠯᠠᠭᠴᠢ ᠯᠢᠶᠠᠩ ᠵᠢᠩ ᠱᠥ︶ 3 ᠳ᠋ᠤᠭᠠᠷ ᠰᠠᠷ᠎ᠠ ᠶᠢᠨ 24 ᠤ ᠡᠳᠦᠷ᠂ ᠰᠤᠷᠪᠤᠯᠵᠢᠯᠠᠭᠴᠢ | ᠬᠥᠬᠡᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠠᠴᠠ ᠤᠶᠢᠯᠠᠭᠠᠭᠰᠠᠨ ᠨᠢ᠂ 2024 ᠣᠨ ᠳᠤ᠂ | ᠬᠥᠬᠡᠬᠤᠲᠠ ᠳᠤ ᠨᠢᠭᠡᠨᠲᠡ 2411 ᠬᠥᠮᠦᠨ ︽ᠭᠤᠶᠤᠴᠢᠯᠠᠬᠤ ᠦᠭᠡᠢ ᠪᠠᠷ ᠳᠠᠷᠤᠢ ᠡᠳ᠋ᠯᠡᠬᠦ︾ ᠠᠷᠭ᠎ᠠ ᠪᠠᠷ | ᠳᠠᠮᠵᠢᠭᠤᠯᠤᠨ ᠬᠥᠩᠭᠡᠵᠢᠯ ᠤᠨ ᠨᠥᠬᠦᠪᠥᠷᠢ ᠣᠯᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠨᠡᠶᠢᠲᠡ | 5563 ᠲᠦᠮᠡᠨ ᠲᠥᠭᠦᠷᠢᠭ ᠵᠠᠷᠤᠴᠠᠭᠤᠯᠪᠠ᠃ | ᠣᠶᠢᠯᠠᠭᠠᠭᠰᠠᠨ ᠢᠶᠠᠷ᠂ ᠬᠥᠬᠡᠬᠤᠲᠠ ᠶᠢᠨ ᠬᠥᠩᠭᠡᠵᠢᠯ ᠤᠨ ᠨᠥᠬᠦᠪᠦᠷᠢ ᠶᠢ ︽ᠭᠤᠶᠤᠴᠢᠯᠠᠬᠤ ᠦᠭᠡᠢ ᠪᠠᠷ | ᠳᠠᠷᠤᠢ ᠡᠳ᠋ᠯᠡᠬᠦ︾ ᠶᠢ ᠨᠢᠭᠡᠨᠲᠡ 2024 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ | ᠬᠡᠷᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ︽ᠨᠢᠭᠡ ᠥᠷᠲᠡᠭᠡᠨ ᠤ ᠮᠠᠶ᠋ᠢᠭ ᠤᠨ | ᠦᠢᠯᠡᠴᠢᠯᠡᠭᠡ᠂ ᠨᠢᠭᠡ ᠴᠣᠩᠬᠤᠪᠴᠢ ᠪᠠᠷ ᠭᠦᠢᠴᠡᠳᠭᠡᠬᠦ᠂ ᠭᠠᠭᠴᠠ ᠪᠠᠷᠢᠮᠲᠠ ᠪᠠᠷ ᠳ᠋ᠦᠩᠨᠡᠨ ᠪᠤᠳᠤᠬᠤ︾ ᠶᠢ | ᠪᠡᠶᠡᠯᠡᠭᠦᠯᠵᠦ᠂ ᠬᠥᠩᠭᠡᠵᠢᠯ ᠤᠨ ᠨᠥᠬᠦᠪᠦᠷᠢ ᠶᠢᠨ ᠲᠣᠭᠠᠴᠠᠭ᠎ᠠ ᠬᠢᠬᠦ ᠴᠠᠭ ᠢ ᠪᠦᠲᠦᠮᠵᠢᠲᠡᠶ ᠪᠣᠭᠤᠨᠢᠰᠬᠠᠪᠠ᠃ ︽ | ᠭᠤᠶᠤᠴᠢᠯᠠᠬᠤ ᠦᠭᠡᠢ ᠪᠠᠷ ᠳᠠᠷᠤᠢ ᠡᠳ᠋ᠯᠡᠬᠦ︾ ᠭᠡᠭᠴᠢ ᠪᠣᠯ ᠠᠵᠤ ᠠᠬᠤᠶᠢᠯᠠᠯ ᠤᠨ ᠳᠠᠭᠠᠳᠬᠠᠯ ᠳᠤ ᠣᠷᠣᠯᠴᠠᠭᠰᠠᠨ | ᠡᠮᠡᠭᠲᠡᠢ ᠠᠵᠢᠯᠲᠠᠨ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠬᠥᠩᠭᠡᠵᠢᠯ ᠤᠨ ᠳᠠᠭᠠᠳᠬᠠᠯ ᠤᠨ ᠡᠮᠴᠢᠯᠡᠭᠡᠨ ᠤ | ᠵᠠᠷᠤᠳᠠᠯ ᠢ ᠳ᠋ᠦᠩᠨᠡᠨ ᠪᠤᠳᠤᠬᠤ ᠳᠤ᠂ ᠬᠥᠩᠭᠡᠵᠢᠯ ᠤᠨ ᠳᠠᠭᠠᠳᠬᠠᠯ ᠢ ᠲᠤᠰᠬᠠᠶᠢᠯᠠᠨ ᠭᠤᠶᠤᠴᠢᠯᠠᠬᠤ ᠴᠢᠬᠤᠯᠠ | ᠦᠭᠡᠢ᠂ ᠪᠠᠶᠢᠭ᠎ᠠ ᠡᠮᠨᠡᠯᠭᠡ ᠶᠢᠨ ᠬᠤᠷᠢᠶ᠎ᠠ ᠠᠴᠠ ᠡᠮ ᠡᠮᠨᠡᠯᠭᠡ ᠶᠢᠨ ᠳᠠᠭᠠᠳᠬᠠᠯ ᠤᠨ ᠳ᠋ᠦᠩᠨᠡᠨ ᠪᠣᠳᠣᠬᠤ ᠮᠡᠳᠡᠭᠡ | ᠵᠠᠩᠭᠢ ᠶᠢᠨ ᠰᠢᠰᠲ᠋ᠧᠮ ᠢᠶᠠᠷ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠡᠮᠡᠭᠲᠡᠶ ᠠᠵᠢᠯᠲᠠᠨ | ᠬᠥᠩᠭᠡᠵᠢᠯ ᠤᠨ ᠨᠥᠬᠦᠪᠥᠷᠢ ᠮᠥᠩᠭᠦ ᠭᠤᠶᠤᠴᠢᠯᠠᠬᠤ ᠪᠠᠷᠢᠮᠵᠢᠶ᠎ᠠ ᠳᠤ ᠬᠦᠷᠦᠭᠰᠡᠨ ᠮᠡᠳᠡᠭᠡ ᠵᠠᠩᠭᠢ ᠶᠢ ᠳᠠᠮᠵᠢᠭᠤᠯᠪᠠᠯ᠂ | ᠳᠠᠷᠤᠶ ᠬᠥᠩᠭᠡᠵᠢᠯ ᠤᠨ ᠨᠦᠬᠦᠪᠦᠷᠢ ᠨᠢ ᠬᠤᠭᠤᠴᠠᠭ᠎ᠠ ᠶᠣᠰᠣᠭᠠᠷ ᠳᠠᠩᠰᠠᠨ ᠳᠤ ᠣᠷᠣᠬᠤ ᠪᠣᠯᠤᠨ᠎ᠠ᠂ ᠨᠦᠬᠦᠪᠦᠷᠢ | ᠳᠠᠩᠰᠠᠨ ᠳᠤ ᠣᠷᠣᠭᠰᠠᠨ ᠤ ᠳᠠᠷᠠᠭ᠎ᠠ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠨᠢ ᠣᠬᠤᠷ ᠮᠡᠳᠡᠭᠡ ᠪᠠᠷ | ᠳᠠᠭᠠᠳᠬᠠᠯ ᠳᠤ ᠣᠷᠣᠯᠴᠠᠭᠰᠠᠳ ᠲᠤ ᠮᠡᠳᠡᠭᠳᠡᠨ᠎ᠡ᠃ ᠡᠨᠡ ᠨᠢ ᠳᠠᠭᠠᠳᠬᠠᠯ ᠳᠤ ᠣᠷᠣᠯᠴᠠᠭᠰᠠᠳ ᠤᠨ | ᠣᠨᠣᠰᠢᠯᠠᠭᠰᠠᠨ ᠭᠡᠷᠡᠴᠢ᠂ ᠨᠢᠯᠬ᠎ᠠ ᠬᠡᠤᠬᠡᠳ ᠤᠨ ᠲᠥᠷᠥᠭᠰᠡᠨ ᠦᠨᠡᠮᠯᠡᠯ᠂ ᠬᠦᠴᠦᠨ ᠪᠥᠬᠦᠶ ᠪᠡᠶ᠎ᠡ ᠶᠢᠨ ᠦᠨᠡᠮᠯᠡᠯ | ᠵᠡᠷᠭᠡ ᠮᠠᠲ᠋ᠧᠷᠢᠶᠠᠯ ᠢ ᠬᠠᠩᠭᠠᠬᠤ᠂ ᠵᠢᠴᠢ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ | ᠦᠢᠯᠡᠴᠢᠯᠡᠭᠡᠨ ᠤ ᠴᠣᠩᠬᠤᠪᠴᠢ ᠳᠤ ᠬᠦᠷᠴᠦ ᠬᠥᠩᠭᠡᠵᠢᠯ ᠤᠨ ᠨᠥᠬᠦᠪᠥᠷᠢ ᠮᠥᠩᠭᠦ ᠶᠢ ᠭᠤᠶᠤᠴᠢᠯᠠᠬᠤ ᠵᠡᠷᠭᠡ | ᠶᠠᠪᠤᠴᠠ ᠶᠢ ᠲᠣᠪᠴᠢᠯᠠᠪᠠ᠃ ᠥᠩᠭᠡᠷᠡᠭᠰᠡᠨ ᠤ ︽ᠬᠥᠮᠦᠨ ᠨᠢ ᠳᠠᠭᠠᠳᠬᠠᠯ ᠢ ᠭᠤᠶᠤᠴᠢᠯᠠᠬᠤ︾ ᠠᠴᠠ ᠣᠳᠣ ᠶᠢᠨ | ︽ᠳᠠᠭᠠᠳᠬᠠᠯ ᠨᠢ ᠬᠥᠮᠦᠨ ᠢ ᠡᠷᠢᠬᠦ︾ ᠪᠣᠯᠭᠠᠨ ᠬᠤᠪᠢᠷᠠᠭᠤᠯᠵᠤ᠂ ︽ᠮᠡᠳᠡᠭᠡ ᠵᠠᠩᠭᠢ ᠢᠯᠡᠭᠦᠬᠡᠨ ᠬᠦᠳᠡᠯᠵᠦ᠂ | ᠬᠥᠮᠥᠨ ᠳᠤᠲᠠᠭᠤ ᠬᠦᠳᠡᠯᠬᠦ︾ ᠬᠠᠷᠠᠯᠲᠠ ᠶᠢ ᠪᠡᠶᠡᠯᠡᠭᠦᠯᠪᠡ᠃ | |