ᠭᠤᠷᠪᠠᠨ ᠬᠡᠦᠬᠡᠳ ᠠᠪᠬᠤ ᠳᠤ 100000 ᠲᠥᠭᠦᠷᠢᠭ ᠤᠨ ᠨᠥᠬᠦᠪᠦᠷᠢ ᠣᠯᠭᠤᠨ᠎ᠠ
ᠨᠡᠶᠢᠲᠡᠯᠡᠭᠰᠡᠨ ᠴᠠᠭ᠄
2025/3/25
     ︽ᠬᠥᠮᠥᠨ ᠠᠮᠠ ᠶᠢᠨ ᠲᠥᠪᠯᠡᠷᠡᠯ ᠢ ᠠᠬᠢᠭᠤᠯᠵᠤ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠭᠦᠭᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠭᠦᠭᠡᠬᠤᠲᠠ ᠵᠠᠰᠠᠭ ᠲᠠᠷᠬᠠᠭᠠᠭᠰᠠᠨ  ﹇2025﹈ 7 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠭᠦᠭᠡᠬᠤᠲᠠ ᠶᠢᠨ ᠬᠢᠨ ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠬᠤ ᠨᠠᠷᠢᠨ ᠳᠦᠷᠢᠮ ᠢ ᠨᠡᠶᠢᠲᠡᠯᠡᠪᠡ᠃      ᠨᠠᠷᠢᠨ ᠳᠦᠷᠢᠮ ᠳᠤ᠂ ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠬᠤ ᠪᠠᠷᠢᠮᠵᠢᠶ᠎ᠠ ᠶᠢᠨ ᠲᠤᠬᠠᠢ᠄      1. ᠨᠢᠭᠡ ᠬᠡᠦᠬᠡᠳ ᠠᠪᠬᠤ ᠳᠤ ᠨᠢᠭᠡ ᠯᠡ ᠤᠳᠠᠭ᠎ᠠ ᠳᠡᠭᠡᠷ᠎ᠡ 10000 ᠲᠥᠭᠦᠷᠢᠭ ᠤᠨ ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠨ᠎ᠠ︔      2. ᠬᠤᠶᠠᠷ ᠬᠡᠦᠬᠡᠳ ᠠᠪᠬᠤ ᠳᠤ 50000 ᠲᠥᠭᠦᠷᠢᠭ ᠤᠨ ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠵᠤ᠂ ᠵᠢᠯ ᠪᠦᠷᠢ 10000 ᠲᠥᠭᠦᠷᠢᠭ ᠢᠶᠠᠷ ᠪᠦᠬᠦᠯᠢ 5 ᠨᠠᠰᠤ ᠭᠦᠷᠲᠡᠯ᠎ᠡ ᠣᠯᠭᠤᠨ᠎ᠠ︔      3. ᠭᠤᠷᠪᠠ ᠵᠢᠴᠢ ᠲᠡᠭᠦᠨ ᠠᠴᠠ ᠳᠡᠭᠡᠭᠰᠢ ᠬᠡᠦᠬᠡᠳ ᠠᠪᠬᠤ ᠳᠤ 100000 ᠲᠥᠭᠦᠷᠢᠭ ᠤᠨ ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠵᠤ᠂ ᠵᠢᠯ ᠪᠦᠷᠢ 10000 ᠲᠥᠭᠦᠷᠢᠭ ᠢᠶᠠᠷ ᠪᠦᠬᠦᠯᠢ 10 ᠨᠠᠰᠤ ᠭᠦᠷᠲᠡᠯ᠎ᠡ ᠣᠯᠭᠤᠨ᠎ᠠ ᠭᠡᠵᠦ ᠲᠣᠭᠲᠠᠪᠠ᠃      ᠬᠢᠷᠢ ᠭᠡᠮ ᠢ ᠮᠠᠭᠠᠳᠯᠠᠨ ᠲᠣᠭᠲᠠᠭᠠᠬᠤ ᠲᠤᠬᠠᠢ᠄      1 . ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠳᠦᠷᠢᠮ︾ ᠤᠨ ᠲᠣᠭᠲᠠᠭᠠᠯ ᠳᠤ ᠨᠡᠶᠢᠴᠡᠵᠦ ᠬᠡᠦᠬᠡᠳ ᠠᠪᠤᠭᠰᠠᠨ ᠭᠡᠷ ᠪᠦᠯᠢ︔      2. 2025 ᠣᠨ ᠤ 3 ᠰᠠᠷ᠎ᠠ ᠶᠢᠨ 1 ᠤ ᠡᠳᠦᠷ ᠠᠴᠠ ᠬᠤᠶᠢᠰᠢ ︵3 ᠰᠠᠷ᠎ᠠ ᠶᠢᠨ 1 ᠤ ᠡᠳᠦᠷ ᠪᠠᠭᠲᠠᠨ᠎ᠠ︶ ᠬᠠᠤᠯᠢ ᠶᠣᠰᠣᠭᠠᠷ ᠬᠡᠦᠬᠡᠳ ᠠᠪᠤᠭᠰᠠᠨ ᠭᠡᠷ ᠪᠦᠯᠢ︔      3. ᠡᠷ᠎ᠡ ᠡᠮ᠎ᠡ ᠬᠤᠶᠠᠷ ᠲᠠᠯ᠎ᠠ ᠶᠢᠨ ᠡᠷᠦᠭᠡ ᠠᠮᠠ ᠶᠢᠨ ᠲᠠᠩᠰᠠ ᠪᠠᠶᠢᠭ᠎ᠠ ᠭᠠᠵᠠᠷ ᠨᠢ ᠴᠥᠮ ᠭᠦᠭᠡᠬᠤᠲᠠ ᠪᠤᠶᠤ ᠨᠢᠭᠡ ᠲᠠᠯ᠎ᠠ ᠶᠢᠨ ᠡᠷᠦᠭᠡ ᠠᠮᠠ ᠶᠢᠨ ᠲᠠᠩᠰᠠ ᠪᠠᠶᠢᠭ᠎ᠠ ᠭᠠᠵᠠᠷ ᠨᠢ ᠭᠦᠭᠡᠬᠤᠲᠠ ᠪᠤᠯᠬᠤ᠂ ᠭᠦᠭᠡᠬᠤᠲᠠ ᠳᠤ ᠣᠷᠣᠰᠢᠨ ᠰᠠᠭᠤᠵᠤ᠂ ᠠᠵᠢᠯᠯᠠᠵᠤ᠂ ᠠᠮᠢᠳᠤᠷᠠᠵᠤ᠂ ᠬᠥᠮᠥᠨ᠂ ᠭᠡᠷ ᠪᠠᠶᠢᠰᠢᠩ᠂ ᠡᠷᠦᠭᠡ ᠠᠮᠠ ᠨᠢ ᠨᠢᠭᠡᠳᠦᠯᠲᠡᠢ ᠪᠠᠶᠢᠬᠤ ᠶᠢ ᠱᠠᠭᠠᠷᠳᠠᠬᠤ ᠮᠥᠷᠲᠡᠭᠡᠨ ᠰᠠᠶ᠋ᠢ ᠲᠥᠷᠥᠭᠰᠡᠨ ᠬᠡᠦᠬᠡᠳ ᠨᠢ ᠠᠩᠬ᠎ᠠ ᠤᠳᠠᠭ᠎ᠠ ᠭᠦᠭᠡᠬᠤᠲᠠ ᠳᠤ ᠡᠷᠦᠭᠡ ᠠᠮᠠ ᠣᠷᠣᠵᠤ ᠪᠠᠶᠢᠭ᠎ᠠ ᠭᠡᠷ ᠪᠦᠯᠢ ᠨᠢ ᠲᠤᠰ ᠨᠥᠬᠦᠪᠦᠷᠢ ᠶᠢ ᠡᠳ᠋ᠯᠡᠵᠦ ᠪᠣᠯᠣᠨ᠎ᠠ ᠭᠡᠵᠦ ᠲᠣᠭᠲᠠᠪᠠ᠃ ︵ᠢᠷᠡᠯᠲᠡ᠄ ᠭᠦᠭᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号