ᠢᠦᠢ ᠴᠢᠤᠸᠠᠨ ᠲᠣᠭᠤᠷᠢᠭ ᠤᠨ ᠶᠣᠰᠣ ᠰᠤᠷᠲᠠᠬᠤᠨ ᠤ ᠵᠢᠱᠢᠶᠡᠴᠢ ᠪᠣᠯᠤᠨ ᠳᠡᠷᠭᠡᠳᠡᠬᠢ ᠰᠠᠶᠢᠨ ᠬᠥᠮᠦᠨ ᠤ ᠲᠤᠭᠤᠷᠢᠨ ᠲᠠᠶᠢᠯᠪᠤᠷᠢᠯᠠᠯᠲᠠ ᠶᠡᠭᠡ ᠵᠤᠤ ᠨᠡᠶᠢᠭᠡᠮ ᠲᠣᠭᠤᠷᠢᠭ ᠲᠤ ᠣᠷᠣᠪᠠ
ᠨᠡᠶᠢᠲᠡᠯᠡᠭᠰᠡᠨ ᠴᠠᠭ᠄
2025/3/25
     ᠶᠣᠰᠣ ᠰᠤᠷᠲᠠᠬᠤᠨ ᠤ ᠵᠢᠱᠢᠶᠡᠴᠢ ᠪᠣᠯᠤᠨ ᠳᠡᠷᠭᠡᠳᠡᠬᠢ ᠰᠠᠶᠢᠨ ᠬᠥᠮᠦᠨ ᠤ ᠦᠯᠢᠭᠡᠷ ᠳᠠᠭᠤᠷᠢᠶᠠᠯ ᠤᠨ ᠬᠦᠴᠦᠨ ᠢ ᠭᠦᠨᠵᠡᠭᠡᠢ ᠠᠭᠤᠳᠠᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠴᠢᠨᠠᠭᠰᠢᠳᠠ ᠤᠯᠠᠮᠵᠢᠯᠠᠨ ᠪᠠᠳᠠᠷᠠᠭᠤᠯᠵᠤ᠂ ᠢᠳᠡᠪᠬᠢ ᠬᠦᠴᠦᠨ ᠢᠶᠠᠷ ᠪᠢᠯᠬᠠᠭᠰᠠᠨ ᠨᠡᠶᠢᠭᠡᠮ ᠲᠣᠭᠤᠷᠢᠭ ᠤᠨ ᠣᠷᠴᠢᠨ ᠨᠦᠬᠦᠴᠡᠯ ᠢ ᠪᠤᠢ ᠪᠣᠯᠭᠠᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠢᠦᠢ ᠴᠢᠤᠸᠠᠨ ᠲᠣᠭᠤᠷᠢᠭ ᠤᠨ ᠪᠣᠯᠪᠠᠰᠤᠨ ᠤ ᠠᠯᠪᠠᠨ ᠭᠡᠷ ᠠᠴᠠ ᠭᠤᠣᠯᠯᠠᠨ ᠡᠷᠬᠢᠯᠡᠵᠦ᠂ ᠶᠡᠭᠡ ᠵᠤᠤ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠠᠴᠠ ᠳᠠᠭᠠᠭᠠᠴᠢᠯᠠᠨ ᠡᠷᠬᠢᠯᠡᠭᠰᠡᠨ ᠶᠣᠰᠣ ᠰᠤᠷᠲᠠᠬᠤᠨ ᠤ ᠵᠢᠱᠢᠶᠡᠴᠢ ᠪᠣᠯᠤᠨ ᠳᠡᠷᠭᠡᠳᠡᠬᠢ ᠰᠠᠶᠢᠨ ᠬᠥᠮᠦᠨ ᠤ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠶᠡᠭᠡ ᠵᠤᠤ ᠨᠡᠶᠢᠭᠡᠮ ᠲᠣᠭᠤᠷᠢᠭ ᠲᠤ ᠶᠠᠪᠤᠭᠳᠠᠵᠤ᠂ ᠰᠡᠳᠬᠢᠯ ᠬᠥᠳᠡᠯᠭᠡᠮ᠎ᠡ ᠦᠢᠯᠡ ᠶᠠᠪᠤᠳᠠᠯ ᠢ ᠤᠬᠠᠭᠤᠯᠤᠨ ᠲᠠᠶᠢᠯᠪᠤᠷᠢᠯᠠᠬᠤ ᠪᠠ ᠬᠠᠯᠠᠭᠤᠨ ᠳᠤᠯᠠᠭᠠᠨ ᠦᠯᠢᠭᠡᠷ ᠢ ᠬᠤᠪᠢᠶᠠᠯᠴᠠᠬᠤ ᠪᠠᠷ ᠳᠠᠮᠵᠢᠭᠤᠯᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠢᠭᠡ ᠤᠳᠠᠭᠠᠨ ᠤ ᠰᠡᠳᠬᠢᠯ ᠤᠨ ᠶᠣᠰᠣ ᠰᠤᠷᠲᠠᠬᠤᠨ ᠤ ᠬᠥᠮᠦᠵᠢᠯ ᠤᠨ ᠬᠢᠴᠢᠶᠡᠯ ᠢ ᠠᠪᠴᠢᠷᠠᠪᠠ᠃
     ᠠᠵᠢᠯᠯᠠᠭ᠎ᠠ ᠨᠢ ᠤᠳᠠᠲᠠᠯ᠎ᠠ ᠠᠯᠠᠭ᠎ᠠ ᠲᠠᠰᠢᠯᠲᠠ ᠶᠢᠨ ᠳᠤᠮᠳᠠ ᠡᠬᠢᠯᠡᠪᠡ᠃ ᠡᠩ ᠲᠡᠷᠢᠭᠦᠨ ᠳᠤ ᠲᠠᠯᠠᠪᠠᠶ ᠳᠤ ︽ᠢᠦᠢ ᠴᠢᠤᠸᠠᠨ ᠲᠣᠭᠤᠷᠢᠭ ᠤᠨ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠭᠰᠠᠨ ᠶᠣᠰᠣ ᠰᠤᠷᠲᠠᠬᠤᠨ ᠤ ᠵᠢᠱᠢᠶᠡᠴᠢ︾ ᠶᠢᠨ ᠢᠷᠠᠭᠤ ᠠᠯᠳᠠᠷ ᠢ ᠭᠥᠷᠳᠡᠭᠰᠡᠨ ᠯᠢᠦ ᠶᠦᠨ ᠰᠢᠶᠤᠤ ᠥᠪᠡᠷ ᠤᠨ ᠨᠡᠶᠢᠭᠡᠮ ᠲᠣᠭᠤᠷᠢᠭ ᠲᠤ ᠠᠷᠪᠠᠨ ᠬᠡᠳᠦᠨ ᠵᠢᠯ ᠦᠢᠯᠡᠴᠢᠯᠡᠭᠰᠡᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠪᠠᠨ ᠶᠠᠷᠢᠵᠠᠶ᠃ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠦᠨ᠎ᠡ ᠲᠥᠯᠥᠪᠦᠷᠢ ᠦᠭᠡᠢ ᠪᠠᠷ ᠢᠯᠢᠵᠦ ᠹᠢᠽᠢᠺ ᠵᠠᠰᠠᠯ ᠬᠠᠩᠭᠠᠬᠤ ᠠᠴᠠ ᠬᠦᠴᠢᠷᠳᠡᠯ ᠳᠤ ᠲᠤᠯᠭᠠᠷᠠᠭᠰᠠᠨ ᠭᠡᠷ ᠪᠦᠯᠢ ᠶᠢ ᠲᠤᠰᠠᠯᠠᠬᠤ ᠬᠦᠷᠲᠡᠯ᠎ᠡ᠂ ᠲᠡᠷᠡ ᠨᠠᠷᠢᠯᠢᠭ ᠪᠥᠭᠡᠳ ᠰᠠᠶᠢᠨ ᠰᠠᠶᠢᠬᠠᠨ ᠠᠵᠢᠯᠯᠠᠭ᠎ᠠ ᠪᠠᠷ ᠨᠡᠶᠢᠭᠡᠮ ᠲᠣᠭᠤᠷᠢᠭ ᠤᠨ ᠬᠠᠯᠠᠭᠤᠨ ᠳᠤᠯᠠᠭᠠᠨ ᠬᠠᠶᠢᠷ᠎ᠠ ᠰᠡᠳᠬᠢᠯᠭᠡ ᠶᠢ ᠵᠣᠬᠢᠶᠠᠨ ᠪᠠᠶᠢᠭᠤᠯᠪᠠ᠃ ᠯᠢᠦ ᠶᠦᠨ ᠰᠢᠶᠣᠣ ᠶᠢᠨ ᠲᠠᠶᠢᠯᠪᠤᠷᠢᠯᠠᠯᠲᠠ ᠨᠢ ᠲᠤᠰᠠᠯᠠᠮᠵᠢ ᠭᠥᠷᠳᠡᠭᠰᠡᠨ ᠰᠠᠭᠤᠭᠠᠯᠢ ᠠᠷᠠᠳ ᠲᠠᠢ ᠠᠪᠤᠭᠰᠠᠨ ᠬᠠᠮᠲᠤ ᠶᠢᠨ ᠰᠡᠭᠦᠳᠡᠷ᠂ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠪᠦᠯᠬᠦᠮ ᠤᠨ ᠦᠰᠦᠨ ᠪᠤᠶᠢᠵᠢᠬᠤ ᠵᠢᠷᠤᠭ ᠢ ᠳᠠᠭᠠᠯᠳᠤᠨ᠂ ᠲᠤᠬᠠᠢ ᠶᠢᠨ ᠲᠠᠯᠠᠪᠤᠷ ᠤᠨ ᠰᠣᠨᠣᠰᠤᠭᠴᠢ ᠨᠢᠭᠡᠪᠦᠷᠢ ᠶᠢ ᠶᠡᠬᠡᠳᠡ ᠳᠣᠭᠳᠣᠯᠤᠭᠤᠯᠪᠠ᠃
     ᠵᠠᠯᠭᠠᠭᠠᠳ ᠠᠵᠢᠯᠯᠠᠭ᠎ᠠ ᠨᠢ ᠤᠮᠠᠷᠠᠲᠤ ᠬᠢᠯᠢ ᠶᠢᠨ ᠰᠣᠶᠣᠯ ᠤᠨ ᠤᠬᠠᠭᠤᠯᠤᠨ ᠲᠠᠶᠢᠯᠪᠤᠷᠢᠯᠠᠬᠤ ᠭᠤᠭᠴᠤᠭ᠎ᠠ ᠳᠤ ᠣᠷᠣᠪᠠ᠃ ᠤᠬᠠᠭᠤᠯᠤᠨ ᠲᠠᠶᠢᠯᠪᠤᠷᠢᠯᠠᠭᠴᠢ ᠯᠢᠶᠠᠨ ᠶᠦᠨ ᠰᠢᠶᠠ᠂ ᠠᠮᠢᠳᠤᠯᠢᠭ ᠦᠭᠡ ᠬᠡᠯᠡ ᠪᠠ ᠬᠡᠭᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠰᠠᠭᠤᠭᠠᠯᠢ ᠠᠷᠠᠳ ᠲᠤ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠪᠠ ᠭᠦᠨ ᠵᠤᠵᠠᠭᠠᠨ ᠠᠭᠤᠯᠤᠭᠳᠠᠬᠤᠨ ᠢ ᠳᠡᠯᠭᠡᠨ ᠦᠵᠡᠭᠦᠯᠪᠡ᠃ ᠲᠡᠷᠡ ᠲᠡᠦᠬᠡ ᠶᠢᠨ ᠦᠯᠢᠭᠡᠷ᠂ ᠠᠷᠠᠳ ᠤᠨ ᠵᠠᠩ ᠦᠢᠯᠡ ᠶᠢᠨ ᠰᠣᠶᠣᠯ ᠢ ᠶᠠᠷᠢᠬᠤ ᠪᠠᠷ ᠲᠠᠮᠵᠢᠨ᠂ ᠰᠠᠭᠤᠭᠠᠯᠢ ᠠᠷᠠᠳ ᠲᠤ ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ ᠪᠠ ᠦᠨ᠎ᠡ ᠦᠷᠳᠡᠭ ᠢ ᠨᠡᠩ ᠭᠦᠨᠵᠡᠭᠡᠢ ᠤᠢᠢᠯᠠᠭᠠᠭᠤᠯᠵᠤ᠂ ᠤᠯᠠᠨ ᠤ ᠨᠤᠲᠤᠭ ᠤᠨ ᠰᠣᠶᠣᠯ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠵᠦ᠂ ᠤᠯᠠᠮᠵᠢᠯᠠᠨ ᠵᠠᠯᠭᠠᠮᠵᠢᠯᠠᠬᠤ ᠬᠠᠷᠢᠭᠤᠴᠠᠯᠭᠠᠲᠤ ᠰᠡᠳᠬᠢᠯᠭᠡ ᠶᠢ ᠬᠥᠭᠵᠢᠭᠡᠵᠡᠢ᠃
     ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠶᠣᠰᠣ ᠰᠤᠷᠲᠠᠬᠤᠨ ᠤ ᠵᠢᠱᠢᠶᠡᠴᠢ ᠶᠢᠨ ᠦᠢᠯᠡ ᠶᠠᠪᠤᠳᠠᠯ ᠤᠨ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠩ ᠤᠯᠠᠨ ᠳᠡᠷᠭᠡᠳᠡᠬᠢ ᠰᠠᠶᠢᠨ ᠬᠥᠮᠦᠨ ᠰᠠᠶᠢᠨ ᠶᠠᠪᠤᠳᠠᠯ ᠢ ᠶᠠᠷᠢᠵᠤ᠂ ᠶᠣᠰᠣ ᠰᠤᠷᠲᠠᠬᠤᠨ ᠤ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠥᠷᠭᠡᠨ ᠢᠶᠠᠷ ᠤᠯᠠᠮᠵᠢᠯᠠᠵᠤ᠂ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮ ᠴᠢᠨᠠᠭᠰᠢᠳᠠ ᠪᠠᠳᠠᠷᠠᠭᠤᠯᠵᠤ᠂ ᠢᠳᠡᠪᠬᠢ ᠬᠦᠴᠦᠨ ᠢ ᠳᠠᠮᠵᠢᠭᠤᠯᠵᠤ᠂ ᠥᠷᠭᠡᠨ ᠤᠯᠠᠨ ᠲᠦᠮᠡᠨ ᠤ ᠶᠣᠰᠣ ᠰᠤᠷᠲᠠᠬᠤᠨ ᠤ ᠦᠢᠯᠡᠳᠦᠯᠭᠡ ᠶᠢᠨ ᠬᠠᠯᠠᠭᠤᠨ ᠰᠡᠳᠬᠢᠯᠭᠡ ᠶᠢ ᠬᠥᠭᠵᠢᠭᠡᠬᠦ ᠪᠣᠯᠤᠨ᠎ᠠ᠃         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号