ᠬᠥᠬᠡᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠢᠦᠶ ᠴᠢᠤᠸᠠᠨ ᠲᠤᠭᠤᠷᠢᠭ ᠤᠨ ᠬᠤᠪᠢᠶᠠᠷᠢ ᠲᠣᠪᠴᠢᠶ᠎ᠠ 2025 ᠣᠨ ᠤ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2025/3/26
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠲᠦᠷᠢᠮ︾ ︽ᠬᠥᠬᠡᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠲᠦᠷᠢᠮ︾ ︽ᠬᠥᠬᠡᠬᠤᠲᠠ ᠶᠢᠨ 2025 ᠣᠨ ᠤ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠬᠡᠷᠡᠭᠵᠢᠭᠦᠯᠬᠦ ᠲᠥᠰᠦᠯ︾ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠬᠥᠬᠡᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠢᠦᠶ ᠴᠢᠤᠸᠠᠨ ᠲᠤᠭᠤᠷᠢᠭ ᠤᠨ ᠬᠤᠪᠢᠶᠠᠷᠢ ᠲᠣᠪᠴᠢᠶ᠎ᠠ ᠪᠠᠭ᠎ᠠ ᠲᠦᠷᠭᠡᠨ ᠭᠤᠤᠯ ᠪᠠᠯᠭᠠᠰᠤᠨ ᠤ ᠲᠡᠯᠡᠶ ᠲᠣᠰᠬᠤᠨ ᠠᠶᠢᠯ ᠳᠤ 2025 ᠣᠨ ᠤ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠡᠷᠦᠬᠡ ᠳᠤ ᠤᠷᠤᠵᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠤᠬᠠᠭᠤᠯᠬᠤ ᠳᠤᠭᠤᠶᠢᠯᠠᠩ ᠤᠨ ᠬᠢᠨ ᠲᠡᠵᠢᠭᠡᠨ ᠦᠷᠡᠵᠢᠭᠦᠯᠬᠦ ᠡᠷᠦᠬᠡ ᠪᠠᠷ ᠰᠤᠷᠪᠤᠯᠵᠢᠯᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠺᠠᠷᠲ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠡᠵᠢᠭᠡᠨ ᠦᠷᠡᠵᠢᠭᠦᠯᠬᠦ ᠡᠷᠦᠬᠡ ᠶᠢ ᠬᠠᠪᠰᠤᠷᠤᠨ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠶᠢᠯᠠᠭᠠᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠲᠥᠷᠥ ᠶᠢᠨ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠪᠤᠯᠭᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠴᠢᠬᠤᠯᠠ ᠴᠢᠨᠠᠷ ᠢ ᠦᠨᠡᠨ ᠬᠦ ᠣᠶᠢᠯᠠᠭᠠᠭᠤᠯᠪᠠ᠃ ᠡᠭᠦᠨ ᠤ ᠬᠠᠮᠲᠤ᠂ ᠲᠣᠰᠬᠤᠨ᠂ ᠪᠠᠯᠭᠠᠰᠤ ᠬᠤᠶᠠᠷ ᠱᠠᠲᠤᠨ ᠤ ᠠᠯᠪᠠᠯᠠᠬᠤ ᠲᠣᠭᠤᠷᠢᠭ ᠵᠢᠴᠢ ᠤᠬᠠᠭᠤᠯᠭ᠎ᠠ ᠶᠢᠨ ᠠᠯᠪᠠᠨ ᠵᠠᠷ ᠤᠨ ᠪᠤᠯᠤᠩ ᠳᠤ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠵᠠᠷᠯᠠᠯ ᠨᠠᠭᠠᠵᠤ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠪᠡ᠃      ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠢᠦᠶ ᠴᠢᠤᠸᠠᠨ ᠲᠤᠭᠤᠷᠢᠭ ᠤᠨ ᠬᠤᠪᠢᠶᠠᠷᠢ ᠲᠣᠪᠴᠢᠶ᠎ᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠬᠠᠤᠯᠢ ᠲᠣᠭᠲᠠᠭᠠᠯ ᠤᠨ ᠮᠡᠳᠡᠯᠭᠡ ᠶᠢ ᠣᠯᠠᠨ ᠶᠠᠩᠵᠤ ᠶᠢᠨ ᠬᠡᠯᠪᠡᠷᠢ ᠪᠠᠷ ᠲᠦᠭᠡᠮᠡᠯᠵᠢᠭᠦᠯᠵᠦ᠂ ᠮᠠᠯᠴᠢᠨ ᠲᠠᠷᠢᠶᠠᠴᠢᠨ ᠤ ᠬᠠᠤᠯᠢ ᠶᠢ ᠰᠠᠬᠢᠬᠤ ᠤᠬᠠᠮᠰᠠᠷ ᠢ ᠴᠢᠩᠭᠠᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠦᠨ᠎ᠡ᠃ ᠡᠭᠦᠨ ᠤ ᠬᠠᠮᠲᠤ᠂ ᠮᠠᠯᠴᠢᠨ ᠲᠠᠷᠢᠶᠠᠴᠢᠨ ᠢ ᠢᠳᠡᠪᠬᠢᠲᠡᠶ ᠬᠥᠲᠥᠯᠦᠨ ᠵᠢᠯᠣᠭᠤᠳᠴᠤ ᠪᠠᠶᠢᠭᠠᠳ ᠠᠮᠢ ᠠᠬᠤᠶ ᠶᠢ ᠬᠠᠮᠠᠭᠠᠯᠠᠬᠤ ᠠᠵᠢᠯᠯᠠᠭ᠎ᠠ ᠳᠤ ᠣᠷᠣᠯᠴᠠᠭᠤᠯᠵᠤ᠂ ᠢᠦᠶ ᠴᠢᠤᠸᠠᠨ ᠲᠣᠭᠤᠷᠢᠭ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠲᠤᠪᠠᠷ ᠰᠠᠬᠢᠨ ᠬᠠᠮᠠᠭᠠᠯᠠᠵᠤ᠂ ᠮᠠᠨ ᠤ ᠤᠯᠤᠰ ᠤᠨ ᠤᠮᠠᠷᠠᠲᠤ ᠬᠢᠯᠢ ᠶᠢᠨ ᠴᠢᠬᠤᠯᠠ ᠠᠮᠢ ᠠᠬᠤᠶ ᠶᠢᠨ ᠬᠠᠯᠬᠠᠪᠴᠢ ᠶᠢ ᠪᠠᠲᠤ ᠴᠣᠭᠴᠠᠯᠠᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号