ᠢᠦᠶ ᠴᠢᠤᠸᠠᠨ ᠲᠤᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠦᠪ᠄ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢ ᠭᠤᠤᠯᠳᠠᠯᠭ᠎ᠠ ᠲᠠᠢ ᠴᠡᠪᠡᠷᠯᠡᠬᠦ ᠪᠠ ᠪᠣᠷᠣᠭᠠᠨ ᠤ ᠤᠰᠤᠨ ᠤ ᠱᠦᠭᠦᠷ ᠢ ᠠᠷᠢᠯᠭᠠᠬᠤ ᠲᠤᠰᠬᠠᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/26
     ᠬᠤᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠴᠡᠪᠡᠷ ᠴᠡᠮᠴᠡᠭᠡᠷ᠂ ᠭᠤᠶᠣ ᠰᠠᠶᠢᠬᠠᠨ ᠬᠤᠲᠠ ᠶᠢᠨ ᠠᠷᠠᠳ ᠤᠨ ᠠᠮᠢᠳᠤᠷᠠᠯ ᠤᠨ ᠣᠷᠴᠢᠨ ᠨᠦᠬᠦᠴᠡᠯ ᠢ ᠪᠣᠢ ᠪᠣᠯᠭᠠᠬᠤ ᠶᠢᠨ ᠲᠥᠯᠥᠭᠡ᠂ ᠤᠶᠢᠷ᠎ᠠ ᠳᠤ ᠢᠦᠢ ᠴᠢᠤᠸᠠᠨ ᠲᠤᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠦᠪ ᠬᠦᠴᠦᠨ ᠢᠶᠠᠨ ᠲᠥᠪᠯᠡᠷᠡᠭᠦᠯᠦᠨ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢ ᠭᠤᠣᠯᠳᠠᠯᠭ᠎ᠠ ᠲᠠᠢ ᠴᠡᠪᠡᠷᠯᠡᠬᠦ ᠪᠠ ᠪᠣᠷᠣᠭᠠᠨ ᠤ ᠤᠰᠤᠨ ᠤ ᠱᠦᠭᠦᠷ ᠢ ᠠᠷᠢᠯᠭᠠᠬᠤ ᠲᠤᠰᠬᠠᠢ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠡᠯ᠎ᠡ ᠲᠥᠷᠥᠯ ᠤᠨ ᠲᠣᠭᠤᠰᠣᠨ ᠤ ᠪᠣᠬᠢᠷᠲᠤᠯ ᠢ ᠪᠥᠬᠦ ᠲᠠᠯ᠎ᠠ ᠪᠠᠷ ᠠᠷᠢᠯᠭᠠᠵᠤ᠂ ᠪᠡᠯᠡᠳᠬᠡᠮᠵᠢ ᠶᠢᠨ ᠮᠥᠨ ᠴᠢᠨᠠᠷ ᠢ ᠰᠡᠷᠭᠦᠭᠡᠨ᠂ ᠬᠤᠲᠠ ᠶᠢᠨ ᠠᠷᠠᠳ ᠤᠨ ᠶᠠᠪᠤᠵᠤ ᠰᠠᠭᠤᠬᠤ ᠥᠩᠭᠡᠷᠡᠯᠲᠡ ᠶᠢ ᠰᠢᠯᠢᠳᠡᠭᠵᠢᠭᠦᠯᠵᠦ᠂ ᠬᠤᠲᠠ ᠶᠢᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠬᠤ ᠶᠢᠨ ᠲᠥᠯᠥᠭᠡ ᠶᠤᠮ᠃
     ᠲᠣᠰ ᠤᠳᠠᠭᠠᠨ ᠤ ᠠᠵᠢᠯᠯᠠᠭ᠎ᠠ ᠳᠤ᠂ ᠢᠦᠶ ᠴᠢᠤᠸᠠᠨ ᠲᠤᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠦᠪ ᠠᠷᠢᠭᠤᠨ ᠴᠡᠪᠡᠷ ᠤᠨ ᠠᠵᠢᠯᠲᠠᠨ ᠢ ᠵᠦᠶ ᠵᠣᠬᠢᠰᠲᠠᠶ ᠲᠣᠬᠢᠷᠠᠭᠤᠯᠵᠤ᠂ ᠵᠠᠮ ᠤᠨ ᠢᠷᠮᠡᠭ ᠤᠨ ᠴᠢᠯᠠᠭᠤ᠂ ᠬᠤᠭ ᠨᠤᠪᠰᠢ ᠶᠢᠨ ᠬᠠᠶᠢᠷᠴᠠᠭ᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡᠨ ᠤ ᠫᠠᠶᠢᠰᠠ ᠵᠡᠷᠭᠡ ᠬᠤᠲᠠ ᠶᠢᠨ ᠶᠠᠪᠤᠳᠠᠯ ᠤᠨ ᠲᠥᠬᠦᠭᠡᠷᠦᠮᠵᠢ ᠳᠤ ᠴᠢᠭᠯᠡᠭᠦᠯᠦᠨ ᠴᠠᠭ ᠬᠤᠭᠤᠴᠠᠭ᠎ᠠ ᠬᠤᠪᠢᠶᠠᠨ ᠪᠥᠬᠦ ᠲᠠᠯ᠎ᠠ ᠪᠠᠷ ᠴᠡᠪᠡᠷᠯᠡᠨ ᠤᠬᠢᠶᠠᠬᠤ ᠠᠵᠢᠯ ᠥᠷᠨᠢᠭᠦᠯᠬᠦ ᠶᠢᠨ ᠬᠠᠮᠲᠤ ᠬᠠᠪᠤᠷ ᠤᠨ ᠪᠤᠷᠤᠭᠠᠨ ᠤ ᠤᠯᠠᠷᠢᠯ ᠠᠴᠠ ᠡᠮᠦᠨ᠎ᠡ ᠪᠣᠷᠣᠭᠠᠨ ᠤ ᠤᠰᠤᠨ ᠤ ᠱᠦᠭᠦᠷ ᠢ ᠪᠥᠬᠦ ᠲᠠᠯ᠎ᠠ ᠪᠠᠷ ᠴᠡᠪᠡᠷᠯᠡᠨ ᠠᠷᠢᠯᠭᠠᠵᠤ᠂ ᠤᠰᠤ ᠵᠠᠯᠠᠬᠤ ᠴᠢᠳᠠᠮᠵᠢ ᠶᠢᠨ ᠬᠡᠪ ᠤᠨ ᠠᠵᠢᠯᠯᠠᠭᠠᠨ ᠢ ᠦᠨᠡᠨ ᠬᠦ ᠪᠠᠲᠤᠯᠠᠵᠤ᠂ ᠬᠤᠲᠠ ᠶᠢᠨ ᠤᠰᠤᠲᠤᠯ ᠠᠴᠠ ᠵᠠᠶᠢᠯᠠᠰᠬᠢᠬᠦ ᠬᠡᠷᠡᠭᠲᠡᠶ᠃ ᠢᠦᠢ ᠴᠢᠤᠸᠠᠨ ᠲᠤᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠦᠪ ᠥᠨᠳᠥᠷ ᠳᠠᠷᠤᠯᠲᠠᠲᠤ ᠤᠰᠤ ᠪᠠᠷ ᠤᠬᠢᠶᠠᠬᠤ ᠠᠷᠭ᠎ᠠ ᠬᠡᠯᠪᠡᠷᠢ ᠶᠢ ᠠᠪᠴᠤ᠂ ᠬᠤᠭ ᠨᠤᠪᠰᠢ ᠶᠢᠨ ᠬᠠᠶᠢᠷᠴᠠᠭ ᠤᠨ ᠭᠠᠳᠠᠷᠭᠤ ᠶᠢᠨ ᠪᠣᠬᠢᠷᠳᠤᠯ᠂ ᠵᠢᠵᠢᠭ ᠵᠠᠷ ᠮᠡᠳᠡᠭᠡ᠂ ᠵᠠᠮ ᠤᠨ ᠢᠷᠮᠡᠭ ᠤᠨ ᠴᠢᠯᠠᠭᠤᠨ ᠳᠡᠭᠡᠷᠡᠬᠢ ᠬᠤᠭ ᠲᠣᠭᠤᠰᠣ ᠵᠢᠴᠢ ᠲᠣᠰᠣᠨ ᠪᠣᠬᠢᠷᠲᠤᠯ ᠢ ᠲᠦᠢᠯᠪᠤᠷᠢᠲᠠᠶ ᠴᠡᠪᠡᠷᠯᠡᠪᠡ︔ ᠰᠥᠨᠢ ᠪᠠᠷ ᠶᠡᠭᠡ ᠡᠮᠦᠨ᠎ᠡ ᠶᠡᠭᠡ ᠬᠤᠶᠢᠲᠤ ᠵᠡᠭᠡᠯᠢ ᠶᠢᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡᠨ ᠤ ᠫᠠᠶᠢᠰᠠ ᠵᠡᠷᠭᠡ ᠲᠥᠬᠦᠭᠡᠷᠦᠮᠵᠢ ᠶᠢ ᠭᠦᠨᠵᠡᠭᠡᠢ ᠤᠬᠢᠶᠠᠵᠤ᠂ ᠥᠨᠴᠥᠭ ᠪᠤᠯᠤᠩ ᠦᠭᠡᠢ᠂ ᠪᠦᠬᠦᠨ ᠢ ᠬᠠᠮᠤᠷᠬᠤ ᠶᠢ ᠪᠠᠲᠤᠯᠠᠪᠠ᠃ ᠡᠭᠦᠨ ᠤ ᠬᠠᠮᠲᠤ᠂ ᠬᠠᠷᠢᠶ᠎ᠠ ᠣᠷᠣᠨ ᠤ ᠪᠠᠨ ᠪᠣᠷᠣᠭᠠᠨ ᠤ ᠤᠰᠤᠨ ᠤ ᠱᠦᠭᠦᠷ ᠢ ᠲᠥᠪᠯᠡᠷᠡᠭᠦᠯᠦᠨ ᠴᠡᠪᠡᠷᠯᠡᠵᠦ᠂ ᠬᠤᠲᠠ ᠶᠢᠨ ︽ᠨᠢᠭᠤᠷ ᠲᠠᠯ᠎ᠠ︾ ᠪᠠ ︽ᠳᠣᠲᠣᠷ ᠲᠠᠯ᠎ᠠ︾  ᠶᠢ ᠬᠤᠶᠠᠷ ᠢ ᠳᠡᠭᠡᠭᠰᠢᠯᠡᠭᠦᠯᠬᠦ ᠶᠢ ᠪᠡᠶᠡᠯᠡᠭᠦᠯᠪᠡ᠃
     ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠤᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠦᠪ ᠠᠵᠢᠯᠯᠠᠭ᠎ᠠ ᠶᠢᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠪᠠᠶᠢᠩᠭᠤ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠ ᠴᠢᠩᠭ᠎ᠠ ᠨᠢᠮᠪᠠᠶ ᠣᠪᠣᠷ ᠢᠶᠠᠷ ᠨᠠᠷᠢᠯᠢᠬᠵᠢᠭᠤᠯᠤᠭᠰᠠᠨ ᠠᠷᠢᠭᠤᠨ ᠴᠡᠪᠡᠷ ᠢ ᠬᠠᠮᠠᠭᠠᠯᠠᠬᠤ ᠠᠵᠢᠯ ᠢ ᠠᠬᠢᠭᠤᠯᠵᠤ᠂ ᠬᠤᠲᠠ ᠶᠢᠨ ᠠᠷᠠᠳ ᠲᠤ ᠴᠡᠪᠡᠷ ᠴᠡᠮᠴᠡᠭᠡᠷ᠂ ᠴᠡᠪᠡᠷ ᠲᠡᠭᠰᠢ ᠠᠮᠢᠳᠤᠷᠠᠯ ᠤᠨ ᠣᠷᠴᠢᠨ ᠨᠦᠬᠦᠴᠡᠯ ᠢ ᠪᠣᠶ ᠪᠣᠯᠭᠠᠵᠤ ᠥᠭᠭᠦᠨ᠎ᠡ᠃
           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号