ᠷᠠᠳᠢᠣ᠋ ᠲᠧᠯᠸᠢᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠬᠠᠤᠯᠢ ᠪᠤᠰᠤ ᠳᠠᠭᠠᠭᠤᠯᠢ ᠣᠳᠣᠨ ᠤ ᠲᠧᠯᠸᠢᠰ ᠤᠨ ᠲᠣᠨᠤᠭ ᠲᠥᠬᠦᠭᠡᠷᠦᠮᠵᠢ ᠶᠢ ᠭᠥᠯᠢᠶᠡᠨ ᠠᠪᠬᠤ ᠬᠠᠮᠢᠶ᠎ᠠ ᠪᠥᠬᠦᠶ | ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠬᠦ ᠶᠢᠨ ᠲᠥᠯᠥᠭᠡ᠂ ᠣᠶᠢᠷ᠎ᠠ ᠳᠤ᠂ ᠢᠦᠶ | ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ | ᠬᠥᠬᠡᠬᠤᠲᠠ ᠶᠢᠨ ᠰᠣᠶᠣᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ ᠢᠦᠶ | ᠴᠢᠤᠸᠠᠨ ᠲᠣᠭᠤᠷᠢᠭ ᠤᠨ ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠵᠢᠶᠠ ᠵᠢᠶᠠ ᠶᠢᠩ ᠬᠤᠷᠢᠶᠠᠯᠠᠯ ᠳᠤ | ᠬᠦᠷᠴᠦ᠂ ᠲᠤᠰᠬᠠᠶ ᠰᠡᠳᠦᠪᠲᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠳ ᠠᠰᠠᠭᠤᠨ ᠯᠠᠪᠯᠠᠬᠤ ᠲᠠᠪᠴᠠᠩ ᠪᠠᠶᠢᠭᠤᠯᠬᠤ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠬᠡᠯᠪᠡᠷᠢ ᠪᠠᠷ | ᠳᠠᠮᠵᠢᠭᠤᠯᠤᠨ᠂ ᠰᠠᠭᠤᠭᠠᠯᠢ ᠠᠷᠠᠳ ᠲᠤ ᠳᠠᠭᠠᠭᠤᠯᠢ ᠣᠳᠣᠨ ᠤ ᠲᠧᠯᠸᠢᠰ ᠤᠨ ᠭᠥᠯᠢᠶᠡᠨ ᠠᠪᠬᠤ | ᠲᠥᠬᠦᠭᠡᠷᠦᠮᠵᠢ ᠶᠢ ᠬᠠᠤᠯᠢ ᠪᠤᠰᠤ ᠪᠠᠷ ᠤᠭᠰᠠᠷᠠᠭᠰᠠᠨ ᠬᠤᠤᠷ ᠬᠥᠨᠥᠭᠡᠯ ᠢ ᠨᠠᠷᠢᠨ ᠲᠣᠳᠣᠷᠬᠠᠶ ᠲᠠᠶᠢᠯᠪᠤᠷᠢᠯᠠᠨ | ᠥᠭᠪᠡ᠃ ᠰᠠᠭᠤᠭᠠᠯᠢ ᠠᠷᠠᠳ ᠤᠨ ᠠᠰᠠᠭᠤᠳᠠᠯ ᠳᠤ ᠴᠢᠭᠯᠡᠭᠦᠯᠦᠨ᠂ ᠠᠵᠢᠯᠲᠠᠳ ᠬᠦᠯᠢᠴᠡᠩᠭᠦᠶ ᠪᠠᠷ ᠬᠠᠷᠢᠭᠤᠯᠲᠠ | ᠥᠭᠴᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠵᠦᠢᠯ ᠵᠤᠷᠪᠤᠰ ᠲᠠᠢ ᠤᠶᠠᠯᠳᠤᠭᠤᠯᠤᠨ ᠡᠶᠢᠮᠦᠷᠬᠦ ᠦᠢᠯᠡ | ᠠᠵᠢᠯᠯᠠᠭ᠎ᠠ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠬᠡᠮ ᠵᠢᠴᠢ ᠬᠠᠤᠯᠢ ᠴᠠᠭᠠᠵᠠ ᠶᠢᠨ | ᠲᠦᠭᠰᠢᠭᠦᠷᠢ ᠶᠢ ᠲᠠᠶᠢᠯᠪᠤᠷᠢᠯᠠᠵᠤ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠪᠤᠰᠤ | ᠲᠥᠬᠦᠭᠡᠷᠦᠮᠵᠢ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠪᠠ᠃ | | | | | ᠲᠣᠰ ᠤᠳᠠᠭᠠᠨ ᠤ ᠠᠵᠢᠯᠯᠠᠭ᠎ᠠ ᠨᠢ ᠵᠢᠶᠠ ᠵᠢᠶᠠ ᠶᠢᠩ ᠬᠤᠷᠢᠶᠠᠯᠠᠯ ᠤᠨ ᠰᠠᠭᠤᠭᠠᠯᠢ ᠠᠷᠠᠳ ᠤᠨ ᠬᠠᠤᠯᠢ | ᠪᠤᠰᠤ ᠳᠠᠭᠠᠭᠤᠯᠢ ᠣᠳᠣᠨ ᠤ ᠲᠧᠯᠸᠢᠰ ᠤᠨ ᠭᠥᠯᠢᠶᠡᠨ ᠠᠪᠬᠤ ᠲᠥᠬᠦᠭᠡᠷᠦᠮᠵᠢ ᠶᠢᠨ ᠬᠤᠤᠷ ᠬᠥᠨᠥᠭᠡᠯ ᠤᠨ ᠲᠤᠬᠠᠶ | ᠲᠠᠨᠢᠯᠲᠠ ᠶᠢ ᠢᠯᠡᠳᠲᠡ ᠳᠡᠭᠡᠭᠰᠢᠯᠡᠭᠦᠯᠵᠦ᠂ ᠷᠠᠳᠢᠣ᠋ ᠲᠧᠯᠸᠢᠰ ᠤᠨ ᠳᠠᠮᠵᠢᠭᠤᠯᠭ᠎ᠠ ᠶᠢᠨ ᠡᠮᠬᠢ ᠵᠢᠷᠤᠮ ᠪᠠ | ᠰᠣᠶᠣᠯ ᠤᠨ ᠠᠮᠤᠷ ᠲᠦᠪᠰᠢᠨ ᠢ ᠬᠠᠮᠠᠭᠠᠯᠠᠬᠤ ᠳᠤ ᠰᠠᠭᠤᠷᠢ ᠲᠠᠯᠪᠢᠪᠠ᠃ ᠲᠠᠷᠠᠭᠠᠴᠢ ᠶᠢᠨ ᠠᠯᠬᠤᠮ ᠳᠤ᠂ ᠢᠦᠢ | ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ | ᠬᠥᠬᠡᠬᠤᠲᠠ ᠶᠢᠨ ᠰᠣᠶᠣᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠵᠦ᠂ ᠡᠷᠡᠭᠦᠯ | ᠴᠢᠭᠢᠷᠠᠭ᠂ ᠡᠮᠬᠢ ᠵᠢᠷᠤᠮ ᠲᠠᠢ᠂ ᠠᠷᠢᠭᠤᠨ ᠴᠢᠬᠡᠴᠢ ᠰᠣᠶᠣᠯ ᠤᠨ ᠦᠵᠡᠵᠦ ᠰᠣᠨᠣᠰᠬᠤ ᠣᠷᠴᠢᠨ ᠨᠥᠬᠦᠴᠡᠯ ᠢ | ᠬᠠᠮᠲᠤ ᠪᠠᠷ ᠪᠣᠶ ᠪᠣᠯᠭᠠᠨ᠎ᠠ᠃ | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |