ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠤᠶᠢᠷ᠎ᠠ ᠶᠢᠨ | ᠡᠳᠦᠷ᠂ ᠢᠦᠢ ᠴᠢᠤᠸᠠᠨ ᠲᠣᠭᠤᠷᠢᠭ ᠤᠨ ᠶᠡᠭᠡ ᠵᠣᠣ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠥᠷᠲᠡᠭᠡ ᠢᠦᠢ ᠴᠢᠤᠸᠠᠨ ᠲᠣᠭᠤᠷᠢᠭ ᠤᠨ ᠯᠢᠩ ᠢ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠲᠠᠢ ᠬᠠᠮᠲᠤᠷᠠᠨ ᠪᠣᠳᠠᠰ ᠤᠨ ᠪᠤᠰᠤ ᠰᠣᠶᠣᠯ ᠤᠨ ᠥᠪ ᠤᠨ ᠮᠢᠶᠣᠣ | ᠦᠨᠳᠦᠰᠦᠲᠡᠨ ᠤ ᠮᠥᠩᠭᠦᠨ ᠤ ᠬᠦᠯᠳᠡᠭᠡᠭᠦᠷ ᠤᠨ ᠨᠠᠭᠠᠯᠲᠠ ᠶᠢ ᠭᠠᠷ ᠢᠶᠠᠷ ᠦᠢᠯᠡᠳᠬᠦ ᠠᠵᠢᠯᠯᠠᠭ᠎ᠠ ᠥᠷᠨᠢᠭᠦᠯᠪᠡ᠃ | | | | | ᠠᠵᠢᠯᠯᠠᠭ᠎ᠠ ᠡᠬᠢᠯᠡᠮᠡᠭᠴᠡ᠂ ᠭᠤᠤᠯᠯᠠᠨ ᠶᠠᠷᠢᠭᠴᠢ ᠠᠮᠢᠳᠤᠯᠢᠭ ᠲᠠᠶᠢᠯᠪᠤᠷᠢ ᠪᠠ ᠭᠤᠶᠢᠳᠠ ᠰᠠᠶᠢᠬᠠᠨ ᠬᠡᠷᠡᠯ | ᠵᠢᠷᠤᠭ ᠤᠨ ᠦᠵᠡᠭᠦᠯᠦᠯᠭᠡ ᠪᠠᠷ ᠳᠠᠮᠵᠢᠭᠤᠯᠤᠨ᠂ ᠬᠠᠪᠢᠳᠠᠵᠤ ᠪᠤᠳᠤᠭᠯᠠᠬᠤ ᠪᠠ ᠮᠢᠶᠣᠣ ᠦᠨᠳᠦᠰᠦᠲᠡᠨ ᠤ | ᠮᠥᠩᠭᠦᠨ ᠤ ᠥᠨᠢ ᠤᠳᠠᠭᠠᠨ ᠲᠡᠦᠬᠡ ᠶᠢ ᠲᠠᠨᠢᠯᠴᠠᠭᠤᠯᠪᠠ᠃ ᠰᠠᠭᠤᠭᠠᠯᠢ ᠠᠷᠠᠳ ᠨᠠᠷᠢᠨ ᠬᠢᠨᠠᠮᠠᠭᠠᠶ ᠰᠣᠨᠣᠰᠴᠤ᠂ | ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠳᠤ ᠰᠣᠭᠲᠣᠭᠤᠷᠠᠪᠠ᠃ ᠣᠯᠠᠨ ᠤᠯᠤᠰ ᠤᠨ ᠲᠠᠪᠴᠠᠩ | ᠳᠡᠭᠡᠷ᠎ᠡ ᠭᠢᠯᠠᠯᠵᠠᠵᠤ ᠪᠠᠶᠢᠭᠰᠠᠨ ᠡᠳᠡᠭᠡᠷ ᠤᠯᠠᠮᠵᠢᠯᠠᠯᠲᠤ ᠤᠷ᠎ᠠ ᠮᠡᠷᠭᠡᠵᠢᠯ ᠨᠢ ᠨᠡᠶᠢᠭᠡᠮ ᠲᠣᠭᠤᠷᠢᠭ ᠤᠨ ᠬᠢᠴᠢᠶᠡᠯ ᠤᠨ | ᠲᠠᠩᠬᠢᠮ ᠳᠤ ᠰᠢᠨ᠎ᠡ ᠠᠮᠢᠵᠢᠷᠠᠯ ᠤᠨ ᠬᠦᠴᠦᠨ ᠢᠶᠠᠨ ᠬᠦᠭᠵᠢᠭᠡᠵᠦ ᠪᠠᠶᠢᠨ᠎ᠠ᠃ | | | | | ᠦᠢᠯᠡᠳᠦᠯᠭᠡ ᠶᠢᠨ ᠶᠠᠪᠤᠴᠠ ᠳᠤ᠂ ᠵᠢᠯᠤᠭᠤᠳᠬᠤ ᠪᠠᠭᠰᠢ ᠨᠠᠷ ᠲᠤᠬᠠᠢ ᠶᠢᠨ ᠲᠠᠯᠠᠪᠠᠢ ᠳᠤ ᠮᠢᠶᠣᠣ | ᠦᠨᠳᠦᠰᠦᠲᠡᠨ ᠤ ᠮᠥᠩᠭᠦᠨ ᠤ ︽ᠪᠣᠯᠪᠠᠰᠤᠷᠠᠭᠤᠯᠬᠤ᠂ ᠰᠡᠶᠢᠯᠬᠦ᠂ ᠰᠢᠭᠢᠳᠬᠡᠬᠦ︾ ᠶᠢᠨ ᠭᠤᠣᠯ ᠮᠡᠷᠭᠡᠵᠢᠯ ᠤᠨ | ᠠᠷᠭ᠎ᠠ ᠶᠢ ᠦᠵᠡᠭᠦᠯᠪᠡ᠃ ᠪᠠᠭᠰᠢ ᠶᠢᠨ ᠵᠢᠯᠣᠭᠤᠳᠣᠯᠭ᠎ᠠ ᠳᠣᠣᠷ᠎ᠠ᠂ ᠰᠠᠭᠤᠭᠠᠯᠢ ᠠᠷᠠᠳ ᠤᠷᠠᠨ ᠲᠠᠷᠬᠠᠨ ᠪᠤᠯᠵᠤ᠂ | ᠭᠠᠷ ᠲᠠᠭᠠᠨ ᠣᠨᠴᠠ ᠪᠠᠭᠠᠵᠢ ᠬᠡᠷᠡᠭᠰᠡᠯ ᠪᠠᠷᠢᠵᠤ᠂ ᠮᠥᠩᠭᠦᠨ ᠢᠯᠲᠠᠰᠤ ᠪᠠᠨ ᠥᠯᠵᠡᠢ ᠪᠡᠯᠭᠡ ᠲᠠᠢ ᠡᠷᠪᠡᠬᠡᠢ᠂ | ᠬᠡᠮᠡᠷᠯᠢᠭ ᠬᠢᠷᠭᠤᠤᠯ ᠤᠨ ᠳᠦᠷᠰᠦ ᠪᠦᠲᠦᠭᠡᠯᠲᠡ ᠪᠣᠯᠭᠠᠨ ᠪᠦᠲᠦᠭᠡᠵᠦ᠂ ᠲᠠᠬᠢᠨ ᠥᠩᠭᠡᠲᠦ ᠤᠲᠠᠰᠤ ᠪᠠᠷ ᠠᠯᠭᠤᠷ | ᠬᠤᠪᠢᠷᠠᠯᠲᠠ ᠶᠢᠨ ᠦᠷ᠎ᠡ ᠪᠦᠲᠦᠮᠵᠢ ᠤᠯᠪᠠ᠃ | | | | | ᠲᠣᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠲᠠᠩ ᠴᠢᠭᠯᠡᠯ ᠢᠶᠠᠷ ᠤᠯᠠᠮᠵᠢᠯᠠᠬᠤ ᠵᠠᠭᠪᠤᠷ ᠢ | ᠰᠢᠪᠲᠤᠯᠵᠤ᠂ ︽ᠰᠣᠶᠣᠯ ᠤᠨ ᠺᠣᠳ᠋ ᠲᠠᠶᠢᠯᠬᠤ — ᠤᠷ᠎ᠠ ᠮᠡᠷᠭᠡᠵᠢᠯ ᠤᠨ ᠣᠶᠢᠯᠠᠭᠠᠯᠲᠠ — ᠬᠠᠶᠢᠷ᠎ᠠ | ᠰᠡᠳᠬᠢᠯᠭᠡ ᠶᠢᠨ ᠬᠠᠮᠲᠤ ᠶᠢᠨ ᠲᠠᠨᠢᠯᠲᠠ︾ ᠶᠢᠨ ᠤᠯᠠᠮᠵᠢᠯᠠᠨ ᠵᠠᠯᠭᠠᠮᠵᠢᠯᠠᠬᠤ ᠬᠡᠯᠬᠢᠶ᠎ᠡ ᠶᠢ ᠪᠠᠶᠢᠭᠤᠯᠪᠠ᠃ ᠨᠡᠶᠢᠭᠡᠮ | ᠲᠣᠭᠤᠷᠢᠭ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠬᠥᠯᠳᠡᠭᠡᠭᠦᠷ ᠤᠨ ᠨᠠᠭᠠᠯᠲᠠ ᠶᠢ ᠰᠣᠩᠭᠤᠵᠤ | ᠠᠴᠢᠶᠠᠯᠠᠭᠴᠢ ᠪᠤᠯᠭᠠᠭᠰᠠᠨ ᠨᠢ᠂ ᠶᠠᠭ ᠲᠡᠭᠦᠨ ᠤ ︽ᠵᠢᠵᠢᠭ ᠪᠣᠳᠠᠰ ᠨᠢ ᠲᠣᠮᠣ ᠰᠣᠶᠣᠯ ᠢ ᠠᠴᠢᠶᠠᠯᠠᠵᠤ ᠪᠠᠶᠢᠬᠤ︾ | ᠣᠨᠴᠠᠯᠢᠭ ᠢ ᠣᠯᠵᠤ ᠬᠠᠷᠠᠪᠠ ᠭᠡᠵᠡᠶ᠃ ᠲᠤᠬᠠᠶ ᠶᠢᠨ ᠲᠠᠯᠠᠪᠠᠢ ᠳᠤ ᠣᠯᠠᠨ ᠵᠠᠯᠠᠭᠤ ᠣᠷᠣᠯᠴᠠᠭᠴᠢ ᠪᠦᠲᠦᠭᠡᠯ ᠢ | ᠰᠡᠭᠦᠳᠡᠷᠯᠡᠨ ᠨᠡᠶᠢᠭᠡᠮ ᠤᠨ ᠬᠠᠷᠢᠯᠴᠠᠭᠠᠨ ᠤ ᠲᠠᠪᠴᠠᠩ ᠳᠤ ᠤᠯᠠᠮᠵᠢᠯᠠᠵᠤ᠂ ᠠᠶᠠᠨᠳᠠᠭᠠᠨ ᠪᠣᠳᠠᠰ ᠤᠨ ᠪᠤᠰᠤ | ᠰᠣᠶᠣᠯ ᠤᠨ ᠥᠪ ᠤᠨ ︽ᠣᠷᠣᠯᠠᠨ ᠥᠭᠦᠯᠡᠭᠴᠢ︾ ᠪᠣᠯᠤᠭᠰᠠᠨ ᠪᠠᠶᠢᠨ᠎ᠠ᠃ ᠠᠵᠢᠯᠯᠠᠭ᠎ᠠ ᠨᠢ ᠰᠠᠭᠤᠭᠠᠯᠢ | ᠠᠷᠠᠳ ᠤᠨ ᠤᠯᠠᠮᠵᠢᠯᠠᠯᠲᠤ ᠰᠣᠶᠣᠯ ᠤᠨ ᠲᠤᠬᠠᠶ ᠲᠠᠨᠢᠨ ᠮᠡᠳᠡᠬᠦᠶ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ | ᠪᠠᠰᠠ ᠬᠠᠮᠲᠤ ᠶᠢᠨ ᠵᠣᠬᠢᠶᠠᠨ ᠪᠦᠲᠦᠭᠡᠯᠭᠡ ᠪᠠᠷ ᠳᠠᠮᠵᠢᠭᠤᠯᠤᠨ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ | ᠴᠢᠩᠭᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠠᠮᠢᠳᠤᠯᠢᠭ ᠪᠥᠭᠡᠳ ᠤᠯᠠᠮᠵᠢᠯᠠᠨ ᠵᠠᠯᠭᠠᠮᠵᠢᠯᠠᠬᠤ ᠳᠤ | ︽ᠬᠦᠷᠦᠯᠴᠡᠵᠦ ᠪᠤᠯᠬᠤ᠂ ᠣᠷᠣᠯᠴᠠᠵᠤ ᠪᠣᠯᠬᠤ᠂ ᠦᠷᠭᠦᠯᠵᠢᠯᠡᠵᠦ ᠪᠣᠯᠬᠤ︾ ᠨᠡᠶᠢᠭᠡᠮ ᠲᠣᠭᠤᠷᠢᠭ ᠤᠨ ᠥᠯᠢᠭᠡᠷ | ᠡᠳ᠋ ᠢ ᠰᠦᠪᠡᠭᠴᠢᠯᠡᠨ ᠭᠠᠷᠭᠠᠵᠤ ᠥᠭᠴᠡᠶ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |