ᠣᠶᠢᠷ᠎ᠠ ᠶᠢᠨ ᠡᠳᠦᠷ ᠤᠳ ᠲᠤ᠂ ᠢᠦᠶ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ | ᠶᠡᠭᠡ ᠠᠩᠭᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠣᠳᠣᠬᠠᠨ ᠤ ᠤᠯᠠᠷᠢᠯ ᠤᠨ ᠣᠨᠴᠠᠯᠢᠭ ᠪᠠ ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨ ᠠᠶᠤᠯ ᠤᠨ ᠪᠠᠶᠢᠳᠠᠯ ᠲᠠᠢ ᠨᠢᠭᠲᠠ ᠤᠶᠠᠯᠳᠤᠭᠤᠯᠤᠨ᠂ ᠵᠡᠭᠡᠯᠢ | ᠭᠤᠳᠤᠮᠵᠢ ᠪᠠ ᠨᠡᠶᠢᠭᠡᠮ ᠲᠣᠭᠤᠷᠢᠭ ᠤᠨ ᠠᠵᠢᠯᠲᠠᠨ ᠲᠠᠢ ᠬᠤᠯᠪᠣᠭᠠᠯᠠᠨ ᠰᠠᠭᠤᠭᠠᠯᠢ ᠠᠷᠠᠳ ᠤᠨ ᠬᠤᠷᠢᠶᠠᠯᠠᠯ ᠳᠤ | ᠭᠦᠨᠵᠡᠭᠡᠶᠢᠷᠡᠵᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ | ᠲᠤᠰᠬᠠᠶ ᠪᠠᠶᠢᠴᠠᠭᠠᠯᠲᠠ ᠪᠠ ᠤᠬᠠᠭᠤᠯᠭ᠎ᠠ ᠪᠤᠯᠪᠠᠰᠤᠷᠠᠯ ᠥᠷᠨᠢᠭᠦᠯᠪᠡ᠃ | | | | | ᠶᠡᠭᠡ ᠠᠩᠭᠢ ᠶᠢᠨ ᠬᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠠᠰᠠᠷ ᠲᠤ ᠣᠷᠣᠭᠤᠯᠵᠤ | ᠡᠷᠦᠬᠡ ᠳᠤ ᠣᠷᠣᠭᠤᠯᠬᠤ᠂ ᠡᠯᠭᠦᠭᠡ ᠤᠲᠠᠰᠤ ᠪᠠᠷ ᠴᠠᠬᠢᠯᠭᠠᠨ ᠴᠡᠨᠡᠭᠯᠡᠬᠦ᠂ ᠲᠣᠭᠲᠠᠭᠠᠯ ᠠᠴᠠ ᠵᠥᠷᠢᠴᠡᠨ | ᠵᠣᠭᠰᠣᠭᠠᠵᠤ ᠲᠠᠯᠪᠢᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠭᠯᠡᠭᠦᠯᠦᠨ᠂ ︽ | ᠨᠢᠭᠡ ᠶᠢ ᠣᠯᠵᠤ ᠮᠡᠳᠡᠪᠡᠯ᠂ ᠨᠢᠭᠡ ᠶᠢ ᠴᠡᠭᠴᠡᠯᠡᠨ ᠵᠠᠰᠠᠵᠤ᠂ ᠨᠢᠭᠡ ᠶᠢ ᠴᠡᠪᠡᠷᠯᠡᠬᠦ︾ ᠵᠠᠷᠴᠢᠮ ᠢᠶᠠᠷ ᠪᠠᠶᠢᠴᠠᠭᠠᠨ | ᠵᠢᠭᠰᠠᠭᠠᠵᠤ᠂ ᠲᠣᠭᠲᠠᠭᠠᠯ ᠠᠴᠠ ᠵᠥᠷᠢᠴᠡᠨ ᠠᠰᠠᠷ ᠤᠨ ᠱᠠᠲᠤᠨ ᠤ ᠲᠠᠰᠤᠯᠭ᠎ᠠ᠂ ᠠᠰᠠᠷ ᠤᠨ ᠵᠠᠮ᠂ ᠲᠠᠷᠬᠠᠭᠠᠬᠤ | ᠵᠠᠮ ᠵᠡᠷᠭᠡ ᠣᠷᠣᠨ ᠪᠦᠰᠡ ᠳᠤ ᠴᠠᠬᠢᠯᠭᠠᠨ ᠴᠡᠨᠡᠭᠯᠡᠬᠦ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠴᠡᠪᠡᠷᠯᠡᠨ | ᠠᠷᠢᠯᠭᠠᠬᠤ ᠵᠢᠴᠢ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠡᠵᠡᠯᠡᠨ ᠬᠡᠷᠡᠭᠯᠡᠭᠰᠡᠨ᠂ ᠠᠮᠤᠷ ᠲᠦᠪᠰᠢᠨ | ᠭᠠᠷᠬᠤ ᠡᠭᠦᠳᠡ ᠶᠢ ᠪᠥᠭᠯᠡᠭᠰᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠴᠡᠪᠡᠷᠯᠡᠪᠡ᠃ | | | | | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠠᠰᠠᠷ ᠤᠨ ᠬᠤᠩᠬᠢᠯ ᠳᠤ ᠣᠷᠣᠬᠤ᠂ ︽ᠡᠯᠭᠦᠭᠡ | ᠤᠲᠠᠰᠤ ᠪᠠᠷ ᠴᠠᠬᠢᠯᠭᠠᠨ ᠴᠡᠨᠡᠭᠯᠡᠬᠦ︾ ᠵᠡᠷᠭᠡ ᠲᠠᠯ᠎ᠠ ᠪᠠᠷ ᠡᠭᠦᠰᠦᠭᠰᠡᠨ ᠭᠠᠯ ᠤᠨ ᠠᠶᠤᠯ ᠤᠨ ᠠᠳᠡᠯ ᠤᠨ | ᠵᠢᠱᠢᠶ᠎ᠡ ᠲᠠᠢ ᠤᠶᠠᠯᠳᠤᠭᠤᠯᠤᠨ᠂ ᠶᠡᠭᠡ ᠠᠩᠭᠢ ᠶᠢᠨ ᠬᠢᠨᠠᠯᠲᠠ ᠲᠠᠯᠪᠢᠭᠴᠢ ᠠᠴᠠ ᠵᠡᠭᠡᠯᠢ ᠭᠤᠳᠤᠮᠵᠢ ᠪᠠ ᠨᠡᠶᠢᠭᠡᠮ | ᠲᠣᠭᠤᠷᠢᠭ ᠤᠨ ᠠᠵᠢᠯᠲᠠᠳ ᠲᠤ ᠲᠣᠭᠲᠠᠭᠠᠯ ᠠᠴᠠ ᠵᠥᠷᠢᠴᠡᠨ ᠵᠤᠭᠰᠤᠭᠠᠨ ᠲᠠᠯᠪᠢᠵᠦ ᠴᠠᠬᠢᠯᠭᠠᠨ ᠴᠡᠨᠡᠭᠯᠡᠬᠦ | ᠠᠶᠤᠯᠲᠤ ᠴᠢᠨᠠᠷ ᠢ ᠨᠠᠷᠢᠨ ᠲᠠᠶᠢᠯᠪᠤᠷᠢᠯᠠᠨ ᠥᠭᠴᠦ᠂ ᠠᠵᠢᠯᠲᠠᠳ ᠲᠤ ᠡᠳᠦᠷ ᠲᠤᠲᠤᠮ ᠤᠨ ᠠᠵᠢᠯ ᠤᠨ | ᠳᠤᠮᠳᠠ ᠪᠠᠨ ᠰᠠᠭᠤᠭᠠᠯᠢ ᠠᠷᠠᠳ ᠲᠤ ᠰᠠᠨᠠᠭᠤᠯᠬᠤ ᠶᠢ ᠰᠠᠨᠠᠭᠠᠴᠢᠯᠠᠪᠠ᠄ ᠣᠯᠠᠨ ᠨᠡᠶᠢᠲᠡ ᠶᠢᠨ ᠡᠭᠦᠳᠡᠨ ᠲᠢᠩᠬᠢᠮ᠂ | ᠲᠠᠷᠬᠠᠭᠠᠬᠤ ᠵᠠᠮ᠂ ᠠᠰᠠᠷ ᠤᠨ ᠱᠠᠲᠤᠨ ᠤ ᠲᠠᠰᠤᠯᠭ᠎ᠠ᠂ ᠠᠮᠤᠷ ᠲᠦᠪᠰᠢᠨ ᠢᠶᠠᠷ ᠭᠠᠷᠬᠤ ᠡᠭᠦᠳᠡ ᠵᠡᠷᠭᠡ ᠣᠷᠣᠨ | ᠪᠦᠰᠡ ᠳᠤ ᠲᠣᠭᠲᠠᠭᠠᠯ ᠠᠴᠠ ᠵᠥᠷᠢᠴᠡᠨ ᠵᠣᠭᠰᠣᠭᠠᠵᠤ ᠴᠠᠬᠢᠯᠭᠠᠨ ᠴᠡᠨᠡᠭᠯᠡᠵᠦ ᠪᠣᠯᠬᠤ ᠥᠬᠡᠶ᠂ ᠡᠭᠦᠨ ᠤ ᠬᠠᠮᠲᠤ | ᠲᠣᠭᠲᠠᠭᠠᠯ ᠠᠴᠠ ᠵᠥᠷᠢᠴᠡᠭᠰᠡᠨ ᠲᠡᠷᠭᠡᠨ ᠤ ᠡᠵᠡᠨ ᠢ ᠬᠠᠪᠰᠤᠷᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ | ᠡᠮᠬᠢ ᠵᠢᠷᠤᠮ ᠲᠠᠢ ᠪᠠᠷ ᠲᠣᠭᠲᠠᠭᠰᠠᠨ ᠣᠷᠣᠨ ᠪᠦᠰᠡ ᠳᠤ ᠵᠣᠭᠰᠣᠭᠠᠵᠤ᠂ ᠣᠯᠠᠨ ᠲᠦᠮᠡᠨ ᠢ ᠬᠥᠲᠥᠯᠦᠨ | ᠵᠢᠯᠣᠭᠤᠳᠴᠤ ᠪᠠᠶᠢᠭᠠᠳ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ | ᠭᠠᠯ ᠤᠨ ᠭᠠᠮᠰᠢᠭ ᠤᠨ ᠳᠠᠯᠳᠠ ᠬᠡᠮ ᠢ ᠠᠷᠢᠯᠭᠠᠨ᠎ᠠ᠃ | | | | | ᠲᠣᠰ ᠤᠳᠠᠭᠠᠨ ᠤ ᠪᠠᠶᠢᠴᠠᠭᠠᠯᠲᠠ ᠨᠢ ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠤᠨ ᠠᠵᠢᠯᠲᠠᠨ ᠤ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨ ᠠᠶᠤᠯ ᠢ ᠰᠡᠷᠭᠡᠶᠢᠯᠡᠬᠦ ᠤᠬᠠᠮᠰᠠᠷ ᠪᠠ ᠭᠠᠯ ᠤᠨᠲᠠᠷᠠᠭᠠᠬᠤ | ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠳᠠᠷᠠᠭᠠᠴᠢ ᠶᠢᠨ | ᠠᠯᠬᠤᠮ ᠳᠤ᠂ ᠢᠦᠢ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ | ᠦᠷᠭᠦᠯᠵᠢᠯᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ | ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠶᠢ ᠪᠦᠬᠦ | ᠲᠠᠯ᠎ᠠ ᠪᠠᠷ᠂ ᠤᠯᠠᠨ ᠲᠠᠯ᠎ᠠ ᠠᠴᠠ ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ | ᠣᠷᠴᠢᠨ ᠨᠦᠬᠦᠴᠡᠯ ᠢ ᠪᠤᠢ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠪᠣᠯᠤᠨ᠎ᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |