ᠢᠦᠢ ᠴᠢᠤᠸᠠᠨ ᠲᠣᠭᠤᠷᠢᠭ ᠬᠠᠪᠤᠷ ᠤᠨ ᠤᠯᠠᠷᠢᠯ ᠤᠨ ᠨᠣᠭᠤᠭᠠᠷᠠᠭᠤᠯᠤᠯᠲᠠ ᠶᠢᠨ ᠪᠦᠰᠡ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/31
     ᠬᠠᠷᠢᠶᠠᠲᠤ ᠣᠷᠣᠨ ᠤ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ ᠢ ᠴᠡᠪᠡᠷᠯᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠨᠣᠭᠤᠭᠠᠷᠠᠭᠤᠯᠤᠯᠲᠠ ᠶᠢᠨ ᠪᠦᠰᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠪᠦᠲᠦᠮᠵᠢᠲᠡᠶ ᠰᠠᠶᠢᠵᠢᠷᠠᠭᠤᠯᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠠᠴᠠ ᠶᠢᠦ ᠴᠤᠸᠠᠩ ᠺᠣᠮᠫᠠᠨᠢ ᠶᠢ ᠵᠢᠯᠣᠭᠤᠳᠴᠤ᠂ 209 ᠤᠯᠤᠰ ᠤᠨ ᠵᠠᠮ ᠵᠢᠴᠢ ᠮᠧᠩ ᠨᠢᠦ ᠶᠡᠭᠡ ᠬᠥᠭᠦᠷᠭᠡ ᠠᠴᠠ ᠵᠣᠣ ᠵᠢᠶᠦ᠋ᠨ ᠮᠦᠽᠧᠶ ᠶᠢᠨ ᠬᠦᠷᠢᠶᠡᠯᠡᠩ ᠬᠦᠷᠲᠡᠯᠡᠬᠢ ᠵᠠᠮ ᠳᠤ ᠬᠠᠪᠤᠷ ᠤᠨ ᠤᠯᠠᠷᠢᠯ ᠤᠨ ᠨᠣᠭᠤᠭᠠᠷᠠᠭᠤᠯᠤᠯᠲᠠ ᠶᠢᠨ ᠪᠦᠰᠡ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠤᠲᠠ ᠬᠥᠳᠡᠭᠡ ᠶᠢᠨ ᠴᠡᠪᠡᠷ ᠲᠡᠭᠰᠢ ᠡᠮᠬᠢ ᠵᠢᠷᠤᠮ ᠲᠠᠢ ᠣᠷᠴᠢᠨ ᠨᠦᠬᠦᠴᠡᠯ ᠢ ᠬᠦᠴᠦᠯᠡᠨ ᠪᠣᠶ ᠪᠣᠯᠭᠠᠪᠠ᠃
     ᠬᠠᠪᠤᠷ ᠤᠨ ᠰᠠᠯᠬᠢᠨ ᠤ ᠬᠦᠴᠦ ᠴᠢᠩᠭᠠᠷᠠᠵᠤ᠂ ᠡᠯ᠎ᠡ ᠲᠥᠷᠥᠯ ᠤᠨ ᠬᠥᠪᠥᠮᠡᠯ ᠪᠣᠳᠠᠰ ᠨᠡᠮᠡᠭᠳᠡᠵᠦ᠂ ᠵᠥᠭᠡᠯᠡᠨ ᠪᠣᠭᠤᠳᠠᠯ᠂ ᠴᠠᠭᠠᠰᠤᠨ ᠦᠷᠦᠪᠳᠡᠰᠦ᠂ ︽ᠴᠠᠭᠠᠨ ᠬᠤᠭ︾ ︵ᠵᠢᠱᠢᠶᠡᠯᠡᠪᠡᠯ ᠰᠦᠯᠢᠶᠣᠣ ᠤᠭᠤᠲᠠ ᠵᠡᠷᠭᠡ︶ ᠵᠡᠷᠭᠡ ᠡᠯᠳᠡᠪ ᠪᠣᠳᠠᠰ ᠨᠣᠭᠤᠭᠠᠷᠠᠭᠤᠯᠤᠯᠲᠠ ᠶᠢᠨ ᠪᠦᠰᠡ ᠳᠤ ᠠᠮᠠᠷᠬᠠᠨ ᠴᠤᠭᠯᠠᠷᠠᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠥᠩᠭᠡ ᠦᠵᠡᠮᠵᠢ ᠪᠣᠯᠤᠨ ᠤᠷᠤᠰᠢᠨ ᠰᠠᠭᠤᠬᠤ ᠣᠷᠴᠢᠨ ᠲᠣᠭᠤᠷᠢᠨ ᠳᠤ ᠮᠠᠭᠤ ᠨᠥᠯᠥᠭᠡ ᠦᠵᠡᠭᠦᠯᠪᠡ᠃ ᠢᠦᠢ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠲᠣᠭᠤᠷᠢᠨ ᠪᠠᠶᠢᠴᠠᠭᠠᠵᠤ ᠠᠰᠠᠭᠤᠳᠠᠯ ᠢ ᠢᠯᠡᠷᠡᠭᠦᠯᠦᠭᠰᠡᠨ ᠤ ᠲᠠᠷᠠᠭ᠎ᠠ᠂ ᠶᠢᠦ ᠴᠤᠸᠠᠩ ᠺᠣᠮᠫᠠᠨᠢ ᠶᠢ ︽ᠬᠥᠮᠦᠨ ᠪᠠ ᠮᠠᠰᠢᠨ ᠢ ᠤᠶᠠᠯᠳᠤᠭᠤᠯᠬᠤ︾ ᠠᠷᠭ᠎ᠠ ᠬᠡᠯᠪᠡᠷᠢ ᠪᠠᠷ ᠬᠤᠶᠠᠷ ᠬᠠᠵᠠᠭᠤ ᠶᠢᠨ ᠨᠣᠭᠤᠭᠠᠷᠠᠭᠤᠯᠤᠯᠲᠠ ᠶᠢᠨ ᠪᠦᠰᠡ ᠵᠢᠴᠢ ᠮᠣᠳᠣᠨ ᠤ ᠡᠯᠭᠦᠭᠡ ᠬᠤᠭ ᠨᠣᠪᠰᠢ ᠶᠢ ᠭᠤᠣᠯᠳᠠᠯᠭ᠎ᠠ ᠲᠠᠢ ᠴᠡᠪᠡᠷᠯᠡᠵᠦ᠂ ᠬᠡᠪᠢᠰ ᠮᠠᠶ᠋ᠢᠭ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠲᠦᠷᠭᠡᠨ ᠠᠷᠢᠭᠤᠨ ᠴᠡᠪᠡᠷ ᠤᠨ ᠡᠩᠨᠡᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠵᠠᠮ ᠳᠡᠭᠡᠷᠡᠬᠢ ᠵᠥᠭᠡᠯᠡᠨ ᠪᠣᠭᠤᠳᠠᠯ ᠪᠠᠭᠯᠠᠭ᠎ᠠ᠂ ᠬᠠᠶᠠᠭᠳᠠᠮᠠᠯ ᠴᠠᠭᠠᠰᠤ᠂ ᠰᠦᠯᠢᠶᠣᠣ ᠶᠢᠨ ᠯᠣᠩᠬᠤ ᠵᠡᠷᠭᠡ ᠬᠤᠭ ᠨᠣᠪᠰᠢ ᠶᠢ ᠴᠠᠭ ᠲᠤᠬᠠᠶ ᠳᠤᠨᠢ ᠴᠡᠪᠡᠷᠯᠡᠵᠦ᠂ ︽ᠨᠢᠭᠡ ᠶᠢ ᠣᠯᠵᠤ ᠮᠡᠳᠡᠪᠡᠯ ᠨᠢᠭᠡ ᠶᠢ ᠴᠡᠪᠡᠷᠯᠡᠬᠦ︾ ᠶᠢ ᠦᠨᠡᠨᠬᠦ ᠪᠠᠲᠤᠯᠠᠵᠤ᠂ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ ᠢ ᠲᠦᠢᠯᠪᠤᠷᠢᠲᠠᠶ ᠠᠷᠢᠯᠭᠠᠪᠠ᠃ ᠴᠡᠪᠡᠷᠯᠡᠭᠰᠡᠨ ᠤ ᠳᠠᠷᠠᠭᠠᠬᠢ ᠬᠤᠭ ᠨᠣᠪᠰᠢ ᠶᠢ ᠨᠢᠭᠡᠳᠦᠯᠲᠡᠶ ᠴᠡᠪᠡᠷᠯᠡᠨ ᠲᠡᠭᠡᠭᠡᠪᠦᠷᠢᠯᠡᠵᠦ᠂ ᠨᠣᠭᠤᠭᠠᠷᠠᠭᠤᠯᠤᠯᠲᠠ ᠶᠢᠨ ᠪᠦᠰᠡ ᠵᠢᠴᠢ ᠡᠷᠬᠢᠨ ᠲᠣᠭᠤᠷᠢᠨ ᠤ ᠣᠷᠣᠨ ᠪᠦᠰᠡ ᠶᠢᠨ ᠣᠷᠴᠢᠨ  ᠲᠤᠭᠤᠷᠢᠨ ᠤ ᠴᠡᠪᠡᠷ ᠲᠡᠭᠰᠢ ᠪᠠᠶᠢᠬᠤ ᠶᠢ ᠪᠠᠲᠤᠯᠠᠪᠠ᠃
     ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠠᠴᠠ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠴᠡᠭᠴᠡᠯᠡᠨ ᠵᠠᠰᠠᠬᠤ ᠠᠵᠢᠯ ᠤᠨ ᠪᠠᠷᠢᠮᠵᠢᠶ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠠᠬᠢᠭᠤᠯᠵᠤ᠂ ᠬᠤᠳᠠ ᠬᠥᠳᠡᠭᠡ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤᠪᠠᠷ ᠪᠦᠳᠦᠭᠡᠨ ᠪᠠᠶᠢᠭᠤᠯᠤᠨ᠎ᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号